ᠳᠠᠷᠬᠠᠨ-ᠠᠭᠤᠯᠠ ᠠᠶᠢᠮᠠᠭ e-Mongolia  ᠳᠦ ᠨᠢᠭᠡᠳᠦᠯ᠎ᠡ | News.MN

ᠳᠠᠷᠬᠠᠨ-ᠠᠭᠤᠯᠠ ᠠᠶᠢᠮᠠᠭ e-Mongolia  ᠳᠦ ᠨᠢᠭᠡᠳᠦᠯ᠎ᠡ

e-Mongolia ᠲᠥᠰᠥᠯ ᠦᠨ ᠪᠠᠭ ᠳᠠᠷᠬᠠᠨ-ᠠᠭᠤᠯᠠ ᠠᠶᠢᠮᠠᠭ ᠲᠤ ᠠᠵᠢᠯᠯᠠᠵᠤ᠂ ᠲᠤᠰ ᠠᠶᠢᠮᠠᠭ ᠤᠨ ᠲᠥᠷᠥ ᠶᠢᠨ ᠠᠷᠪᠠᠨ ᠨᠢᠭᠡᠨ ᠪᠠᠶᠢᠭᠤᠯᠤᠯᠭ᠎ᠠ ᠶᠢᠨ ᠵᠢᠷᠠᠨ ᠨᠢᠭᠡᠨ ᠦᠢᠯᠡᠴᠢᠯᠡᠭᠡ ᠶᠢ e-Mongolia ᠰᠢᠰᠲ᠋ᠧᠮ ᠳᠦ ᠨᠡᠪᠲᠡᠷᠡᠭᠦᠯᠦᠯ᠎ᠡ᠃ ᠲᠣᠳᠣᠷᠠᠭᠤᠯᠪᠠᠯ᠄ ᠠᠶᠢᠮᠠᠭ ᠤᠨ ᠠᠦ᠋ᠲ᠋ᠣ᠋ ᠲᠡᠭᠡᠭᠡᠪᠦᠷᠢ ᠶᠢᠨ ᠲᠥᠪ ᠦᠨ ᠭᠤᠷᠪᠠᠨ ᠦᠢᠯᠡᠴᠢᠯᠡᠭᠡ᠂ ᠳᠠᠷᠬᠠᠨ ᠤᠰᠤ – ᠰᠤᠪᠠᠭ  ᠺᠤᠮᠫᠠᠨᠢ ᠶᠢᠨ ᠳᠤᠯᠤᠭᠠᠨ ᠦᠢᠯᠡᠴᠢᠯᠡᠭᠡ᠂ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠬᠤᠷᠢᠨ ᠨᠢᠭᠡᠨ ᠦᠢᠯᠡᠴᠢᠯᠡᠭᠡ᠂ ᠠᠶᠢᠮᠠᠭ ᠤᠨ ᠣᠷᠣᠨ ᠨᠤᠲᠤᠭ ᠳᠠᠬᠢ ᠵᠠᠮ ᠲᠡᠭᠡᠭᠡᠪᠦᠷᠢ ᠶᠢᠨ ᠲᠥᠪ ᠦᠨ ᠬᠤᠶᠠᠷ ᠦᠢᠯᠡᠴᠢᠯᠡᠭᠡ᠂ ᠠᠶᠢᠮᠠᠭ ᠤᠨ ᠡᠷᠡᠭᠦᠯ ᠮᠡᠨᠳᠦ ᠶᠢᠨ ᠭᠠᠵᠠᠷ ᠤᠨ ᠳᠦᠷᠪᠡᠨ ᠦᠢᠯᠡᠴᠢᠯᠡᠭᠡ᠂ ᠠᠶᠢᠮᠠᠭ ᠳᠠᠬᠢ ᠣᠨᠴᠠᠭᠠᠢ ᠪᠠᠶᠢᠳᠠᠯ ᠤᠨ ᠭᠠᠵᠠᠷ ᠤᠨ ᠨᠢᠭᠡ ᠦᠢᠯᠡᠴᠢᠯᠡᠭᠡ᠂ ᠳᠠᠷᠬᠠᠨ ᠤ ᠳᠤᠯᠠᠭᠠᠨ ᠤ ᠰᠦᠯᠵᠢᠶ᠎ᠡ ᠲᠥᠷᠥ ᠶᠢᠨ ᠥᠮᠴᠢ ᠶᠢᠨ ᠺᠣᠮᠫᠠᠨᠢ ᠶᠢᠨ ᠨᠢᠭᠡ ᠦᠢᠯᠡᠴᠢᠯᠡᠭᠡ᠂ ᠠᠶᠢᠮᠠᠭ ᠤᠨ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠭᠠᠵᠠᠷ ᠤᠨ ᠳᠤᠯᠤᠭᠠᠨ ᠦᠢᠯᠡᠴᠢᠯᠡᠭᠡ᠂ ᠳᠠᠷᠬᠠᠨ ᠰᠤᠮᠤ ᠶᠢᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠭᠤᠷᠪᠠᠨ ᠦᠢᠯᠡᠴᠢᠯᠡᠭᠡ᠂ ᠠᠶᠢᠮᠠᠭ ᠤᠨ ᠭᠠᠵᠠᠷ ᠤᠨ ᠬᠠᠷᠢᠯᠴᠠᠭ᠎ᠠ᠂ ᠪᠠᠷᠢᠯᠭ᠎ᠠ᠂ ᠬᠣᠲᠠ ᠪᠠᠶᠢᠭᠤᠯᠤᠯᠲᠠ ᠶᠢᠨ ᠠᠰᠠᠭᠤᠳᠠᠯ ᠬᠠᠷᠢᠭᠤᠴᠠᠭᠰᠠᠨ ᠪᠠᠶᠢᠭᠤᠯᠤᠯᠭ᠎ᠠ ᠶᠢᠨ ᠲᠠᠪᠤᠨ ᠦᠢᠯᠡᠴᠢᠯᠡᠭᠡ ᠪᠠᠭᠲᠠᠵᠠᠢ᠃

ᠰᠡᠳᠬᠢᠭᠳᠡᠯ ᠦᠯᠡᠳᠡᠭᠡᠬᠦ