ᠪᠤᠷᠬᠠᠨ ᠪᠠᠭᠰᠢ ᠶᠢᠨ ᠴᠡᠴᠡᠷᠯᠢᠭᠲᠦ ᠬᠦᠷᠢᠶᠡᠯᠡᠩ ᠢ ᠲᠣᠬᠢᠵᠢᠭᠤᠯᠵᠠᠢ | News.MN

ᠪᠤᠷᠬᠠᠨ ᠪᠠᠭᠰᠢ ᠶᠢᠨ ᠴᠡᠴᠡᠷᠯᠢᠭᠲᠦ ᠬᠦᠷᠢᠶᠡᠯᠡᠩ ᠢ ᠲᠣᠬᠢᠵᠢᠭᠤᠯᠵᠠᠢ

ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠶᠢᠨ ᠠᠵᠢᠯ ᠤᠨ ᠠᠯᠪᠠᠨ ᠠᠴᠠ ᠨᠠᠮᠤᠷ ᠤᠨ ᠲᠣᠬᠢᠵᠢᠯᠲᠠ᠂ ᠨᠣᠭᠣᠭᠠᠨ ᠪᠠᠶᠢᠭᠤᠯᠤᠮᠵᠢ ᠶᠢᠨ ᠠᠵᠢᠯ ᠤᠨ ᠬᠦᠷᠢᠶᠡᠨ ᠳᠦ ᠬᠠᠨ ᠠᠭᠤᠯᠠ ᠳᠡᠭᠦᠷᠭᠡ ᠶᠢᠨ ᠪᠤᠷᠬᠠᠨ ᠪᠠᠭᠰᠢ ᠶᠢᠨ ᠴᠡᠴᠡᠷᠯᠢᠭᠲᠦ ᠬᠦᠷᠢᠶᠡᠯᠡᠩ ᠦᠨ 1.8 ᠭᠠ ᠲᠠᠯᠠᠪᠠᠢ ᠳᠤ ᠲᠣᠬᠢᠵᠢᠯᠲᠠ᠂ ᠨᠣᠭᠣᠭᠠᠨ ᠪᠠᠶᠢᠭᠤᠯᠤᠮᠵᠢ ᠪᠦᠬᠦᠢ ᠣᠷᠴᠢᠨ ᠢ ᠪᠤᠢ ᠪᠣᠯᠭᠠᠬᠤ ᠠᠵᠢᠯ ᠢ ᠬᠢᠵᠦ ᠭᠦᠢᠴᠡᠳᠭᠡᠵᠡᠢ᠃
ᠲᠤᠰ ᠴᠡᠴᠡᠷᠯᠢᠭᠲᠦ ᠬᠦᠷᠢᠶᠡᠯᠡᠩ ᠳᠦ ᠪᠡᠶᠡᠯᠡᠭᠰᠡᠨ 288  ᠰᠠᠭᠤᠷᠢ ᠨᠠᠷᠠᠰᠤ ᠮᠣᠳᠣ ᠲᠠᠷᠢᠵᠤ ᠂ ᠶᠠᠪᠠᠭᠠᠨ ᠵᠠᠮ ᠤᠨ ᠬᠡᠮᠵᠢᠶ᠎ᠡ ᠶᠢ ᠭᠤᠷᠪᠠ ᠳᠠᠬᠢᠨ ᠨᠡᠮᠡᠭᠳᠡᠭᠦᠯᠵᠦ 630 ᠲᠡᠭᠰᠢ ᠳᠦᠷᠪᠡᠯᠵᠢᠨ ᠮᠸᠲᠷ ᠶᠠᠪᠠᠭᠠᠨ ᠵᠠᠮ ᠰᠢᠨ᠎ᠡ ᠪᠡᠷ ᠪᠤᠢ ᠪᠣᠯᠭᠠᠯ᠎ᠠ ᠭᠡᠵᠦ ᠤᠯᠠᠭᠠᠨᠪᠠᠭᠠᠲᠤᠷ ᠬᠣᠲᠠ ᠶᠢᠨ ᠶᠡᠷᠦᠩᠬᠡᠢ ᠮᠧᠨᠧᠵᠧᠷ ᠪᠥᠭᠡᠳ ᠵᠠᠬᠢᠷᠤᠭᠴᠢ ᠶᠢᠨ ᠠᠵᠢᠯ ᠤᠨ ᠠᠯᠪᠠᠨ ᠤ ᠳᠠᠷᠤᠭ᠎ᠠ ᠲ∙ᠭᠠᠩᠲᠡᠮᠦᠷ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ