ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠰᠠᠭᠤᠳᠠᠯ ᠤᠨ ᠲᠠᠯ᠎ᠠ ᠪᠠᠷ ᠳᠡᠯᠡᠬᠡᠢ ᠶᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠠᠶᠢᠭ᠎ᠠ ᠶᠡᠷᠦᠩᠬᠡᠶᠢᠯᠡᠭᠴᠢ ᠤ᠊∙ᠬᠦᠷᠡᠯᠰᠦ᠋ᠬᠡ ᠳᠦ ᠶᠠᠫᠣᠨ ᠤ ᠶᠡᠷᠦᠩᠬᠡᠢ ᠰᠠᠶᠢᠳ ᠹᠦᠮᠢᠤ᠋ ᠺᠢᠰᠢᠳᠠ ᠪᠠᠷᠠᠭᠠᠯᠬᠠᠯ᠎ᠠ᠃ ᠶᠡᠷᠦᠩᠬᠡᠢ ᠰᠠᠶᠢᠳ ᠢᠶᠠᠷ ᠲᠣᠮᠢᠯᠠᠭᠳᠠᠭᠰᠠᠨ ᠳᠤ ᠨᠢ ᠶᠡᠷᠦᠩᠬᠡᠶᠢᠯᠡᠭᠴᠢ ᠤ᠊∙ᠬᠦᠷᠡᠯᠰᠦ᠋ᠬᠡ ᠪᠠᠶᠠᠷ ᠬᠦᠷᠭᠡᠪᠡ᠃
ᠹᠦᠮᠢᠤ᠋ ᠺᠢᠰᠢᠳᠠ ᠮᠥᠨ ᠮᠣᠩᠭᠣᠯ ᠤᠯᠤᠰ ᠤᠨ ᠶᠡᠷᠦᠩᠬᠡᠶᠢᠯᠡᠭᠴᠢ ᠪᠡᠷ ᠰᠣᠩᠭᠣᠭᠳᠠᠭᠰᠠᠨ ᠳᠤ ᠨᠢ ᠲᠡᠭᠦᠨ ᠳᠦ ᠪᠠᠶᠠᠷ ᠬᠦᠷᠭᠡᠯ᠎ᠡ᠃ ᠶᠠᠫᠤᠨ ᠤ ᠶᠡᠷᠦᠩᠬᠡᠢ ᠰᠠᠶᠢᠳ ᠮᠣᠩᠭᠣᠯ᠂ ᠶᠠᠫᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠴᠢᠭᠯᠡᠯ ᠢᠶᠡᠷ ᠶᠡᠷᠦᠩᠬᠡᠶᠢᠯᠡᠭᠴᠢ ᠤ᠊∙ᠬᠦᠷᠡᠯᠰᠦ᠋ᠬᠡ ᠲᠡᠢ ᠨᠢᠭᠲᠠ ᠬᠠᠮᠲᠤᠷᠠᠨ ᠠᠵᠢᠯᠯᠠᠬᠤ ᠪᠠᠨ ᠨᠣᠲᠠᠯᠠᠨ ᠢᠯᠡᠷᠬᠡᠶᠢᠯᠡᠪᠡ᠃