︽ᠮᠣᠩᠭᠣᠯ ᠪᠠᠬᠠᠷᠬᠠᠯ ᠤᠨ ᠡᠳᠦᠷ︾ ᠲᠦ ᠵᠣᠷᠢᠭᠤᠯᠤᠭᠰᠠᠨ ᠬᠦᠴᠦᠲᠦ ᠪᠥᠬᠡ ᠶᠢᠨ ᠪᠠᠷᠢᠯᠳᠤᠭᠠᠨ ᠪᠣᠯᠤᠨ᠎ᠠ | News.MN

︽ᠮᠣᠩᠭᠣᠯ ᠪᠠᠬᠠᠷᠬᠠᠯ ᠤᠨ ᠡᠳᠦᠷ︾ ᠲᠦ ᠵᠣᠷᠢᠭᠤᠯᠤᠭᠰᠠᠨ ᠬᠦᠴᠦᠲᠦ ᠪᠥᠬᠡ ᠶᠢᠨ ᠪᠠᠷᠢᠯᠳᠤᠭᠠᠨ ᠪᠣᠯᠤᠨ᠎ᠠ

︽ᠨᠡᠶᠢᠲᠡ ᠪᠡᠷ ᠲᠡᠮᠳᠡᠭᠯᠡᠬᠦ ᠪᠠᠶᠠᠷ ᠤᠨ ᠪᠣᠯᠤᠨ ᠲᠡᠮᠳᠡᠭᠯᠡᠯᠲᠦ ᠡᠳᠦᠷ ᠦᠳ ᠦᠨ ᠲᠤᠬᠠᠢ︾ ᠬᠠᠤᠯᠢ ᠳᠤ ᠵᠢᠭᠠᠭᠰᠠᠨ ᠤ ᠳᠠᠭᠠᠤ ᠵᠢᠯ ᠪᠦᠷᠢ ᠶᠢᠨ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ ᠳᠦ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠡᠳᠦᠷ ᠢ ︽ᠮᠣᠩᠭᠣᠯ ᠪᠠᠬᠠᠷᠬᠠᠯ ᠤᠨ ᠡᠳᠦᠷ︾ ᠨᠡᠷ᠎ᠡ ᠲᠡᠢ ᠪᠡᠷ ᠲᠡᠮᠳᠡᠭᠯᠡᠨ ᠥᠩᠭᠡᠷᠡᠭᠦᠯᠵᠦ᠂ ᠪᠦᠬᠦ ᠨᠡᠶᠢᠲᠡ ᠪᠡᠷ ᠢᠶᠡᠨ ᠠᠮᠠᠷᠠᠳᠠᠭ᠃

ᠡᠨᠡ ᠵᠢᠯ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 859 ᠵᠢᠯ ᠦᠨ ᠣᠢ ᠠᠷᠪᠠᠨ ᠨᠢᠭᠡᠳᠦᠭᠡᠷ ᠰᠠᠷ᠎ᠠ ᠶᠢᠨ 5  ᠳᠤ ᠲᠣᠬᠢᠶᠠᠵᠤ ᠪᠠᠶᠢᠭ᠎ᠠ ᠶᠤᠮ᠃ ᠡᠭᠦᠨ ᠳᠦ ᠵᠣᠷᠢᠭᠤᠯᠤᠨ ᠵᠢᠯ ᠪᠦᠷᠢ ᠤᠯᠤᠰ ᠠᠶᠢᠮᠠᠭ ᠤᠨ ᠠᠯᠳᠠᠷ ᠴᠣᠯᠠ ᠲᠠᠢ ᠬᠦᠴᠦᠲᠦ ᠪᠥᠬᠡ ᠶᠢᠨ ᠪᠠᠷᠢᠯᠳᠤᠭᠠᠨ ᠵᠣᠬᠢᠶᠠᠨ ᠪᠠᠶᠢᠭᠤᠯᠳᠠᠭ᠃ ᠡᠨᠡ ᠵᠢᠯ ᠦᠨ ᠪᠠᠷᠢᠯᠳᠤᠭᠠᠨ ᠢ ᠠᠷᠪᠠᠨ ᠨᠢᠭᠡᠳᠦᠭᠡᠷ ᠰᠠᠷ᠎ᠠ ᠶᠢᠨ 5  ᠤ 12᠄00 ᠴᠠᠭ ᠲᠤ ᠮᠣᠩᠭᠣᠯ ᠪᠥᠬᠡ ᠶᠢᠨ ᠥᠷᠭᠦᠭᠡᠨ ᠳᠦ ᠵᠣᠬᠢᠶᠠᠨ ᠪᠠᠶᠢᠭᠤᠯᠬᠤ ᠪᠠᠷ ᠪᠣᠯᠵᠠᠢ᠃

ᠰᠡᠳᠬᠢᠭᠳᠡᠯ ᠦᠯᠡᠳᠡᠭᠡᠬᠦ