ᠤᠶᠤᠡᠡᠷᠳᠡᠨᠢ ᠣᠷᠣᠰ ᠤᠨ ᠬᠣᠯᠪᠣᠭᠠᠨ ᠤ ᠬᠤᠷᠠᠯ ᠤᠨ ᠣᠷᠣᠯᠠᠭᠴᠢ ᠳᠠᠷᠤᠭ᠎ᠠ ᠲᠠᠢ ᠠᠭᠤᠯᠵᠠᠪᠠ | News.MN

ᠤᠶᠤᠡᠡᠷᠳᠡᠨᠢ ᠣᠷᠣᠰ ᠤᠨ ᠬᠣᠯᠪᠣᠭᠠᠨ ᠤ ᠬᠤᠷᠠᠯ ᠤᠨ ᠣᠷᠣᠯᠠᠭᠴᠢ ᠳᠠᠷᠤᠭ᠎ᠠ ᠲᠠᠢ ᠠᠭᠤᠯᠵᠠᠪᠠ

ᠶᠡᠷᠦᠩᠬᠡᠢ ᠰᠠᠶᠢᠳ ᠯ∙ᠤᠶᠤᠡᠡᠷᠳᠡᠨᠢ ᠣᠷᠣᠰ ᠤᠨ ᠬᠣᠯᠪᠣᠭᠠᠨ ᠤ ᠬᠤᠷᠠᠯ ᠤᠨ ᠬᠣᠯᠪᠣᠭᠠᠨ ᠤ ᠵᠥᠪᠯᠡᠯ ᠦᠨ ᠣᠷᠣᠯᠠᠭᠴᠢ ᠳᠠᠷᠤᠭ᠎ᠠ ᠺ∙ ᠢ᠊∙ ᠺᠤᠰᠠᠴᠶᠤᠸ᠋ ᠢ 2021 ᠣᠨ ᠤ ᠠᠷᠪᠠᠨ ᠨᠢᠭᠡᠳᠦᠭᠡᠷ ᠰᠠᠷ᠎ᠠ ᠶᠢᠨ ᠲᠠᠪᠤᠨ ᠳᠤ ᠲᠥᠷᠥ ᠶᠢᠨ ᠣᠷᠳᠣᠨ ᠳᠤ ᠬᠦᠯᠢᠶᠡᠨ ᠠᠪᠴᠤ ᠠᠭᠤᠯᠵᠠᠪᠠ᠃
ᠮᠣᠩᠭᠣᠯ ᠂ ᠣᠷᠣᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢ ᠲᠡᠮᠳᠡᠭᠯᠡᠬᠦ ᠵᠣᠷᠢᠯᠭ᠎ᠠ ᠪᠠᠷ ᠣᠷᠣᠰ  ᠤᠨ ᠥᠨᠳᠥᠷ ᠲᠦᠪᠰᠢᠨ ᠦ ᠲᠥᠯᠥᠭᠡᠯᠡᠭᠴᠢᠳ ᠮᠠᠨ ᠤ ᠤᠯᠤᠰ ᠲᠤ ᠠᠶᠢᠯᠴᠢᠯᠠᠵᠤ ᠪᠠᠶᠢᠭ᠎ᠠ ᠨᠢ ᠬᠣᠶᠠᠷ ᠤᠯᠤᠰ ᠤᠨ ᠬᠠᠷᠢᠯᠴᠠᠭᠠᠨ ᠳᠤ ᠥᠨᠳᠥᠷ ᠠᠴᠢ ᠬᠣᠯᠪᠣᠭᠳᠠᠯ ᠥᠭᠴᠦ ᠪᠤᠢ ᠶᠢᠨ ᠢᠯᠡᠷᠡᠯ ᠭᠡᠵᠦ ᠬᠠᠷᠠᠵᠤ ᠪᠠᠶᠢᠭ᠎ᠠ ᠪᠠᠨ ᠶᠡᠷᠦᠩᠬᠡᠢ ᠰᠠᠶᠢᠳ ᠲᠡᠮᠳᠡᠭᠯᠡᠪᠡ᠃

ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢ ᠲᠣᠬᠢᠶᠠᠯᠳᠤᠭᠤᠯᠤᠨ ᠣᠷᠣᠰ  ᠤᠨ ᠵᠠᠰᠠᠭ ᠤᠨ ᠭᠠᠵᠠᠷ ᠤᠨ ᠳᠠᠷᠤᠭ᠎ᠠ ᠮ∙ᠸ∙ᠮᠢᠱᠤᠰᠲ᠋ᠢᠨ ᠤ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠤᠶᠤᠡᠡᠷᠳᠡᠨᠢ  ᠳᠦ ᠢᠯᠡᠭᠡᠭᠰᠡᠨ ᠮᠡᠨᠳᠦᠴᠢᠯᠡᠭᠡ ᠶᠢ ᠨᠣᠶᠠᠨ ᠺ∙ ᠢ᠊∙ ᠺᠤᠰᠠᠴᠶᠤᠸ᠋ ᠤᠯᠠᠮᠵᠢᠯᠠᠪᠠ᠃ ᠲᠡᠷᠡᠪᠡᠷ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠲᠡᠭᠦᠨ ᠦ ᠳᠣᠲᠣᠷ᠎ᠠ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠢᠯᠡᠭᠦᠦ ᠡᠷᠴᠢᠮ ᠲᠡᠢ ᠬᠥᠭᠵᠢᠭᠦᠯᠬᠦ ᠳᠦ ᠣᠷᠣᠰ  ᠤᠨ ᠲᠠᠯ᠎ᠠ ᠠᠩᠬᠠᠷᠤᠯ ᠬᠠᠨᠳᠤᠭᠤᠯᠵᠤ  ᠪᠠᠢᠭ᠎ᠠ ᠪᠠᠨ ᠢᠯᠡᠷᠬᠡᠢᠯᠡᠪᠡ᠃

ᠰᠡᠳᠬᠢᠭᠳᠡᠯ ᠦᠯᠡᠳᠡᠭᠡᠬᠦ