︽ᠸᠢᠷᠲ᠋ᠤᠸᠠᠯ ᠬᠥᠷᠥᠩᠭᠡ ᠶᠢᠨ ᠦᠢᠯᠡᠴᠢᠯᠡᠭᠡ ᠦᠵᠡᠭᠦᠯᠦᠭᠴᠢ ᠶᠢᠨ ᠲᠤᠬᠠᠢ︾ ᠬᠠᠤᠯᠢ ᠡᠴᠦᠰᠯᠡᠨ ᠪᠠᠲᠤᠯᠠᠭᠳᠠᠬᠤ ᠬᠦᠷᠲᠡᠯ᠎ᠡ ᠵᠠᠬ᠎ᠠ ᠵᠡᠭᠡᠯᠢ ᠳᠦ ᠰᠢᠨ᠎ᠡ ᠺᠤᠢᠨ ᠭᠠᠷᠭᠠᠬᠤ ᠶᠢ ᠰᠠᠩᠬᠦᠦ ᠶᠢᠨ ᠵᠣᠬᠢᠴᠠᠭᠤᠯᠬᠤ ᠬᠣᠷᠢᠶᠠᠨ ᠠᠴᠠ ᠬᠣᠷᠢᠭᠯᠠᠯᠠ᠃ ᠲᠡᠳᠡᠨ ᠦ ᠭᠠᠷᠭᠠᠭᠰᠠᠨ ᠠᠯᠪᠠᠨ ᠮᠡᠳᠡᠭᠳᠡᠯ ᠳᠦ᠂ ︽ᠸᠢᠷᠲ᠋ᠤᠸᠠᠯ ᠬᠥᠷᠦᠩᠭᠡ ᠶᠢᠨ ᠦᠢᠯᠡᠴᠢᠯᠡᠭᠡ ᠦᠵᠡᠭᠦᠯᠦᠭᠴᠢ ᠶᠢᠨ ᠲᠤᠬᠠᠢ︾ ᠬᠠᠤᠯᠢ ᠪᠠᠲᠤᠯᠠᠭᠳᠠᠬᠤ ᠬᠦᠷᠲᠡᠯ᠎ᠡ ᠰᠢᠨ᠎ᠡ ᠺᠤᠢᠨ ᠵᠠᠷᠯᠠᠬᠤ᠂ ᠠᠷᠠᠯᠵᠢᠶ᠎ᠠ ᠵᠣᠬᠢᠶᠠᠨ ᠪᠠᠶᠢᠭᠤᠯᠬᠤ᠂ ᠵᠠᠭᠤᠴᠢᠯᠠᠬᠤ ᠦᠢᠯᠡ ᠠᠵᠢᠯᠯᠠᠭ᠎ᠠ ᠡᠷᠬᠢᠯᠡᠪᠡᠯ ᠲᠤᠬᠠᠢ ᠶᠢᠨ ᠪᠠᠶᠢᠭᠤᠯᠤᠯᠭ᠎ᠠ ᠤᠴᠠᠷᠠᠭᠰᠠᠨ ᠬᠣᠬᠢᠷᠠᠯ ᠢ ᠪᠥᠷᠢᠨ ᠬᠠᠷᠢᠭᠤᠴᠠᠬᠤ ᠪᠣᠯᠬᠤ ᠶᠢ ᠰᠠᠨᠠᠭᠤᠯᠵᠠᠢ᠃ ᠳᠡᠭᠡᠷᠡᠬᠢ ᠮᠡᠳᠡᠭᠯᠡᠯ ᠲᠡᠢ ᠬᠣᠯᠪᠣᠭᠳᠠᠭᠤᠯᠤᠨ ᠳ᠋ᠢᠵᠢᠲ᠋ᠠᠯ ᠬᠥᠷᠥᠩᠭᠡ ᠶᠢᠨ ᠪᠢᠷᠵᠢ ᠪᠣᠯᠬᠤ COINHUB ᠨᠢ ᠺᠷᠢᠫᠲ᠋ᠤ᠋ ᠪᠢᠷᠵᠢ ᠪᠡᠷ ᠳᠠᠮᠵᠢᠭᠤᠯᠤᠨ ᠣᠯᠠᠨ ᠨᠡᠶᠢᠲᠡ ᠡᠴᠡ ᠬᠥᠷᠥᠩᠭᠡ ᠲᠠᠲᠠᠨ ᠲᠥᠪᠯᠡᠷᠡᠭᠦᠯᠬᠦ ᠠᠵᠢᠯᠯᠠᠭᠠ᠍ ᠶᠢ ᠲᠦᠷ ᠵᠣᠭᠰᠣᠭᠠᠵᠤ ᠪᠤᠢ ᠪᠠᠨ ᠵᠠᠷᠯᠠᠯ᠎ᠠ᠃ ᠮᠡᠳᠡᠭᠳᠡᠯ ᠳᠦ᠄
ᠡᠷᠬᠡ ᠪᠦᠬᠦᠢ ᠪᠠᠶᠢᠭᠤᠯᠤᠯᠭ᠎ᠠ ᠠᠴᠠ ᠢᠷᠡᠭᠦᠯᠦᠭᠰᠡᠨ ᠮᠡᠳᠡᠭᠳᠡᠯ ᠦᠨ ᠳᠠᠭᠠᠤ COINHUB ᠪᠢᠷᠵᠢ ᠨᠢ IEO-Initial Exchange Offering ᠪᠤᠶᠤ ᠺᠷᠢᠫᠲ᠋ᠤ᠋ ᠪᠢᠷᠵᠢ ᠪᠡᠷ ᠳᠠᠮᠵᠢᠭᠤᠯᠤᠨ ᠣᠯᠠᠨ ᠨᠡᠶᠢᠲᠡ ᠡᠴᠡ ᠬᠥᠷᠥᠩᠭᠡ ᠲᠠᠲᠠᠨ ᠲᠥᠪᠯᠡᠷᠡᠭᠦᠯᠬᠦ ᠠᠵᠢᠯᠯᠠᠭ᠎ᠠ ᠶᠢ ᠲᠦᠷ ᠵᠣᠭᠰᠣᠭᠠᠵᠤ ᠪᠠᠶᠢᠨ᠎ᠠ᠃ ᠲᠤᠰ ᠮᠡᠳᠡᠭᠳᠡᠯ ᠳᠦ᠄︽ᠸᠢᠷᠲ᠋ᠤᠸᠠᠯ ᠬᠥᠷᠥᠩᠭᠡ ᠶᠢᠨ ᠦᠢᠯᠡᠴᠢᠯᠡᠭᠡ ᠦᠵᠡᠭᠦᠯᠦᠭᠴᠢ ᠶᠢᠨ ᠲᠤᠬᠠᠢ︾ᠬᠠᠤᠯᠢ ᠪᠠᠲᠤᠯᠠᠭᠳᠠᠵᠤ᠂ ᠬᠡᠷᠡᠭᠵᠢᠬᠦ ᠬᠦᠷᠲᠡᠯ᠎ᠡ IEO ᠬᠢᠬᠦ ᠶᠢ ᠲᠦᠷ ᠵᠣᠭᠰᠣᠬᠤ ᠴᠢᠭᠯᠡᠯ ᠢᠷᠡᠭᠦᠯᠦᠭᠰᠡᠨ ᠪᠣᠯᠤᠨ᠎ᠠ᠃ ᠲᠡᠶᠢᠮᠦ ᠡᠴᠡ ᠪᠢᠳᠡ COINHUB ᠪᠢᠷᠵᠢ ᠳᠡᠭᠡᠷ᠎ᠡ ᠲᠥᠯᠥᠪᠯᠡᠭᠳᠡᠵᠦ ᠪᠠᠶᠢᠭᠰᠠᠨ ᠺᠤᠢᠨ ᠨᠤᠭᠤᠳ ᠢ ᠲᠦᠷ ᠬᠤᠭᠤᠴᠠᠭᠠᠨ ᠳᠤ ᠬᠣᠶᠢᠰᠢᠯᠠᠭᠤᠯᠵᠤ ᠪᠤᠢ ᠶᠢ ᠡᠭᠦᠪᠡᠷ ᠮᠡᠳᠡᠭᠳᠡᠵᠦ ᠲᠤᠰ ᠪᠠᠶᠢᠭᠤᠯᠤᠯᠭ᠎ᠠ ᠨᠤᠭᠤᠳ ᠠᠴᠠ ᠪᠣᠯᠤᠨ ᠬᠡᠷᠡᠭᠯᠡᠭᠴᠢ ᠲᠠ ᠪᠦᠬᠦᠨ ᠡᠴᠡ ᠬᠦᠯᠢᠴᠡᠯ ᠦᠴᠢᠵᠦ ᠪᠠᠶᠢᠨ᠎ᠠ ᠭᠡᠵᠡᠢ᠃