ᠲᠥᠷᠥ ᠶᠢᠨ ᠠᠷᠬᠢᠪ ᠤᠨ ᠤᠯᠤᠰ ᠤᠨ ᠦᠵᠡᠯᠭᠡ ᠭᠤᠷᠪᠠ ᠬᠣᠨᠣᠭ ᠦᠷᠭᠦᠯᠵᠢᠯᠡᠨ᠎ᠡ | News.MN

ᠲᠥᠷᠥ ᠶᠢᠨ ᠠᠷᠬᠢᠪ ᠤᠨ ᠤᠯᠤᠰ ᠤᠨ ᠦᠵᠡᠯᠭᠡ ᠭᠤᠷᠪᠠ ᠬᠣᠨᠣᠭ ᠦᠷᠭᠦᠯᠵᠢᠯᠡᠨ᠎ᠡ

ᠲᠦᠷᠦ ᠶᠢᠨ ᠠᠷᠬᠢᠪ ᠤᠨ ᠤᠯᠤᠰ ᠤᠨ ᠦᠵᠡᠯᠭᠡ ᠠᠷᠪᠠᠨ ᠨᠢᠭᠡᠳᠦᠭᠡᠷ ᠰᠠᠷ᠎ᠠ ᠶᠢᠨ 9-12  ᠳᠦ ᠪᠤᠯᠤᠨ᠎ᠠ᠃ ᠠᠷᠬᠢᠪ  ᠤᠨ ᠤᠯᠤᠰ ᠤᠨ ᠦᠵᠡᠯᠭᠡ ᠶᠢ ᠳᠥᠷᠪᠡᠨ ᠵᠢᠯ ᠲᠤᠲᠤᠮ ᠳᠤ ᠵᠣᠬᠢᠶᠠᠨ ᠪᠠᠶᠢᠭᠤᠯᠳᠠᠭ ᠪᠥᠭᠡᠳ ᠡᠨᠡ ᠤᠳᠠᠭ᠎ᠠ ᠶᠢᠨ ᠦᠵᠡᠯᠭᠡ ᠨᠢ ᠨᠡᠶᠢᠰᠯᠡᠯ᠂ ᠳᠡᠭᠦᠷᠭᠡ ᠶᠢᠨ ᠠᠷᠬᠢᠪ  ᠤᠨ ᠦᠢᠯᠡ ᠠᠵᠢᠯᠯᠠᠭᠠᠨ ᠤ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ᠂ ᠠᠷᠬᠢᠪ  ᠤᠨ ᠪᠠᠷᠢᠮᠲᠠ ᠶᠢᠨ ᠬᠠᠳᠠᠭᠠᠯᠠᠯᠲᠠ᠂ ᠬᠠᠮᠠᠭᠠᠯᠠᠯᠲᠠ ᠪᠣᠯᠤᠨ ᠲᠥᠷᠥ ᠶᠢᠨ ᠠᠷᠬᠢᠪ  ᠤᠨ ᠴᠠᠬᠢᠮ ᠰᠠᠩ ᠪᠦᠷᠢᠳᠦᠭᠦᠯᠦᠯᠲᠡ ᠶᠢᠨ ᠴᠢᠭᠯᠡᠯ ᠢᠶᠡᠷ ᠶᠠᠪᠤᠭᠳᠠᠵᠤ ᠪᠠᠶᠢᠭ᠎ᠠ ᠨᠢ ᠣᠨᠴᠠᠯᠢᠭ ᠶᠤᠮ᠃
︽ᠠᠷᠬᠢᠪ᠂ ᠠᠯᠪᠠᠨ ᠬᠡᠷᠡᠭ ᠬᠥᠲᠦᠯᠦᠯᠲᠡ ᠶᠢᠨ ᠲᠤᠬᠠᠢ︾ᠬᠠᠤᠯᠢ ᠰᠢᠨᠡᠴᠢᠯᠡᠭᠳᠡᠵᠦ᠂ 2020 ᠣᠨ ᠤ ᠠᠷᠪᠠᠨ ᠬᠣᠶᠠᠳᠤᠭᠠᠷ ᠰᠠᠷ᠎ᠠ ᠶᠢᠨ  ᠨᠢᠭᠡᠨ ᠡᠴᠡ ᠮᠥᠷᠳᠡᠭᠳᠡᠵᠦ ᠡᠬᠢᠯᠡᠭᠰᠡᠨ ᠲᠡᠢ ᠬᠣᠯᠪᠣᠭᠳᠠᠭᠤᠯᠤᠨ ᠬᠠᠤᠯᠢ ᠲᠣᠭᠲᠠᠭᠠᠮᠵᠢ ᠶᠢᠨ ᠬᠡᠷᠡᠭᠵᠢᠯᠲᠡ ᠶᠢ ᠨᠡᠶᠢᠰᠯᠡᠯ᠂ ᠳᠡᠭᠦᠷᠭᠡ ᠶᠢᠨ ᠬᠡᠮᠵᠢᠶᠡᠨ ᠳᠦ ᠦᠵᠡᠵᠦ᠂ ᠦᠨᠡᠯᠡᠯᠲᠡ ᠳ᠋ᠦᠩᠨᠡᠯᠲᠡ ᠥᠭᠴᠦ᠂ ᠴᠢᠨᠠᠭᠰᠢᠳᠠ ᠰᠠᠯᠪᠤᠷᠢ ᠪᠣᠯᠤᠨ ᠣᠷᠣᠨ ᠨᠤᠲᠤᠭ ᠤᠨ ᠬᠡᠮᠵᠢᠶᠡᠨ ᠳᠦ ᠬᠡᠷᠡᠭᠵᠢᠭᠦᠯᠬᠦ ᠴᠢᠭᠯᠡᠯ ᠢᠶᠡᠨ ᠲᠣᠳᠣᠷᠬᠠᠶᠢᠯᠠᠬᠤ ᠳᠤ ᠡᠨᠡ ᠤᠳᠠᠭ᠎ᠠ ᠶᠢᠨ ᠦᠵᠡᠯᠭᠡ ᠶᠢᠨ ᠵᠣᠷᠢᠯᠭ᠎ᠠ ᠣᠷᠣᠰᠢᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ