ᠶᠡᠷᠦᠩᠬᠡᠶᠢᠯᠡᠭᠴᠢ ᠤ᠊∙ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ 76 ᠳ᠋ᠤᠭᠠᠷ ᠶᠡᠷᠦᠩᠬᠡᠢ ᠠᠰᠰᠠᠮᠪᠯᠧᠢ ᠳᠤ ᠣᠷᠣᠯᠴᠠᠬᠤ ᠳᠤ ᠪᠠᠨ ᠮᠣᠩᠭᠣᠯ ᠤᠯᠤᠰ ᠢᠷᠡᠬᠦ 10 ᠵᠢᠯ ᠦᠨ ᠬᠤᠭᠤᠴᠠᠭᠠᠨ ᠳᠤ ᠲᠡᠷᠪᠤᠮ ᠢᠶᠠᠷ ᠲᠣᠭᠠᠯᠠᠭᠳᠠᠬᠤ ᠮᠣᠳᠣ ᠲᠠᠷᠢᠬᠤ ᠠᠮᠠᠯᠠᠯᠲᠠ ᠥᠭᠭᠦᠭᠰᠡᠨ᠃ ᠤᠯᠠᠮ ᠢᠶᠠᠷ 《ᠲᠡᠷᠪᠤᠮ ᠮᠣᠳᠣ》ᠦᠨᠳᠦᠰᠦᠨ ᠦ ᠬᠥᠳᠡᠯᠭᠡᠭᠡᠨ ᠢ ᠰᠠᠨᠠᠭᠠᠴᠢᠯᠠᠨ ᠬᠡᠷᠡᠭᠵᠢᠭᠦᠯᠵᠦ ᠪᠤᠢ ᠪᠢᠯᠡ᠃ ᠲᠡᠭᠡᠪᠡᠯ ᠵᠠᠷᠢᠮ ᠬᠡᠪᠯᠡᠯ ᠢᠶᠡᠷ ᠲᠡᠷᠪᠤᠮ ᠮᠣᠳᠣ ᠲᠠᠷᠢᠬᠤ ᠶᠢᠨ ᠲᠤᠯᠠᠳᠠ ᠰᠡᠯᠡᠩᠭᠡ ᠠᠶᠢᠮᠠᠭ ᠤᠨ ᠬᠦᠳᠡᠷ ᠰᠤᠮᠤ ᠠᠴᠠ ᠮᠣᠳᠣ ᠪᠤᠯᠭᠤᠯᠠᠵᠤ ᠪᠠᠶᠢᠭ᠎ᠠ ᠲᠠᠯ᠎ᠠ ᠪᠠᠷ ᠮᠡᠳᠡᠭᠡᠯᠡᠭᠰᠡᠨ᠃
ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ∙ᠰᠤᠳᠤᠪᠠᠭᠠᠲᠤᠷ ᠤᠭ ᠠᠰᠠᠭᠤᠳᠠᠯ ᠳᠤ ᠲᠠᠶᠢᠯᠪᠤᠷᠢ ᠥᠭᠭᠦᠯ᠎ᠡ᠃
ᠲᠡᠷᠡᠪᠡᠷ᠄ ᠡᠨᠡ ᠪᠣᠯ ᠬᠣᠶᠠᠷ ᠥᠭᠡᠷ᠎ᠡ ᠠᠰᠠᠭᠤᠳᠠᠯ᠃ ᠨᠢᠭᠡ ᠨᠢ ᠵᠢᠯ ᠪᠣᠯᠭᠠᠨ ᠬᠢᠬᠦ ᠶᠣᠰᠣᠲᠠᠢ ᠣᠢ ᠶᠢᠨ ᠰᠠᠯᠪᠤᠷᠢ ᠶᠢᠨ ᠲᠧᠭᠨᠣᠯᠣᠭᠢ ᠶᠢᠨ ᠠᠵᠢᠯ᠃ ᠰᠢᠭᠢᠭᠦᠦ ᠪᠠᠶᠢᠭ᠎ᠠ ᠣᠢ ᠶᠢ ᠰᠢᠩᠭᠡᠯᠡᠵᠦ᠂ ᠰᠡᠶᠢᠷᠡᠭᠵᠢᠭᠦᠯᠳᠡᠭ ᠠᠵᠢᠯ ᠢ ᠲᠣᠳᠣᠷᠬᠠᠢ ᠡᠷᠬᠡ ᠡᠭᠦᠷᠭᠡ ᠲᠡᠢ ᠭᠠᠵᠠᠷ ᠤᠳ ᠬᠢᠬᠦ ᠶᠣᠰᠣᠲᠠᠢ᠃ ᠶᠡᠷᠦᠩᠬᠡᠶᠢᠯᠡᠭᠴᠢ ᠶᠢᠨ ᠰᠠᠨᠠᠭᠠᠴᠢᠯᠠᠭᠰᠠᠨ 《ᠲᠡᠷᠪᠤᠮ ᠮᠣᠳᠣ》ᠦᠨᠳᠦᠰᠦᠨ ᠦ ᠬᠥᠳᠡᠯᠭᠡᠭᠡᠨ ᠡᠴᠡ ᠰᠠᠯᠭᠠᠵᠤ ᠤᠶᠢᠯᠠᠭᠠᠬᠤ ᠬᠡᠷᠡᠭᠲᠡᠢ ᠭᠡᠪᠡ᠃