《ᠮᠣᠩᠭᠣᠯ ᠤᠨ ᠡᠳ᠋  ᠦᠨ ᠵᠠᠰᠠᠭ ᠤᠨ ᠳᠡᠯᠭᠡᠷᠡᠩᠭᠦᠢ ᠲᠠᠶᠢᠯᠪᠤᠷᠢ ᠲᠣᠯᠢ》 ᠶᠢ ᠦᠨᠳᠦᠰᠦᠨ ᠦ ᠨᠣᠮ ᠤᠨ ᠰᠠᠩ ᠳᠤ ᠪᠡᠯᠡᠭᠯᠡᠪᠡ | News.MN

《ᠮᠣᠩᠭᠣᠯ ᠤᠨ ᠡᠳ᠋  ᠦᠨ ᠵᠠᠰᠠᠭ ᠤᠨ ᠳᠡᠯᠭᠡᠷᠡᠩᠭᠦᠢ ᠲᠠᠶᠢᠯᠪᠤᠷᠢ ᠲᠣᠯᠢ》 ᠶᠢ ᠦᠨᠳᠦᠰᠦᠨ ᠦ ᠨᠣᠮ ᠤᠨ ᠰᠠᠩ ᠳᠤ ᠪᠡᠯᠡᠭᠯᠡᠪᠡ

ᠰᠢᠨᠵᠢᠯᠡᠬᠦ ᠤᠬᠠᠭᠠᠨ ᠤ ᠠᠺᠠᠳ᠋ᠸᠮᠢ ᠠᠴᠠ ᠥᠨᠥᠳᠥᠷ《ᠮᠣᠩᠭᠣᠯ ᠤᠨ ᠡᠳ᠋  ᠦᠨ ᠵᠠᠰᠠᠭ ᠤᠨ ᠳᠡᠯᠭᠡᠷᠡᠩᠭᠦᠢ ᠲᠠᠶᠢᠯᠪᠤᠷᠢ ᠲᠣᠯᠢ》ᠨᠣᠮ ᠢ ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠳᠤ ᠬᠦᠯᠢᠶᠡᠯᠭᠡᠨ ᠦᠭᠭᠦᠯ᠎ᠡ᠃ ᠲᠣᠳᠣᠷᠠᠭᠤᠯᠪᠠᠯ᠂ ᠲᠤᠰ ᠨᠣᠮ ᠤᠨ ᠠᠩᠬᠠᠳᠤᠭᠠᠷ ᠬᠡᠪᠯᠡᠯ ᠦᠨ ᠨᠡᠭᠡᠭᠡᠯᠲᠡ ᠶᠢ ᠬᠢᠵᠦ᠂ ᠳᠡᠭᠡᠵᠢ ᠶᠢ ᠡᠶᠢᠨᠬᠦᠦ ᠣᠯᠠᠨ ᠨᠡᠶᠢᠲᠡ ᠶᠢᠨ ᠬᠦᠷᠲᠡᠭᠡᠯ ᠳᠦ ᠡᠷᠭᠦᠪᠡ᠃ ᠨᠣᠮ ᠤᠨ ᠶᠡᠷᠦᠩᠬᠡᠢ ᠷᠧᠳᠠᠺᠲᠣᠷ ᠢᠶᠠᠷ ᠠᠺᠠᠳᠧᠮᠢᠴᠢ ᠲ∙ᠳᠣᠷᠵᠢ᠂ ᠠ᠊ ∙ᠪᠠᠺᠧᠢ᠂ ᠳ᠋ᠣᠺᠲ᠋ᠣᠷ ᠪ∙ᠪᠠᠲᠤᠬᠡᠰᠢᠭ ᠨᠠᠷ ᠠᠵᠢᠯᠯᠠᠵᠤ᠂ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠵᠠᠬᠢᠶᠠᠯᠠᠭ᠎ᠠ ᠪᠠᠷ ᠬᠡᠪᠯᠡᠭᠰᠡᠨ ᠣᠯᠠᠨ ᠡᠷᠳᠡᠮᠲᠡᠨ ᠦ ᠬᠠᠮᠲᠤ ᠶᠢᠨ ᠪᠦᠲᠦᠭᠡᠯ ᠪᠣᠯᠵᠠᠢ᠃ ᠨᠣᠮ ᠳᠤ ᠳᠡᠯᠡᠬᠡᠢ ᠶᠢᠨ᠂ ᠣᠯᠠᠨ ᠤᠯᠤᠰ ᠤᠨ ᠡᠳ᠋  ᠦᠨ ᠵᠠᠰᠠᠭ ᠤᠨ ᠣᠨᠣᠯ ᠤᠳ᠂ ᠨᠡᠷ᠎ᠡ ᠲᠣᠮᠢᠶ᠎ᠠ ᠶᠢ ᠡᠬᠡ ᠬᠡᠯᠡ ᠪᠡᠷ ᠣᠷᠴᠢᠭᠤᠯᠤᠨ ᠬᠥᠷᠪᠡᠭᠦᠯᠵᠦ ᠥᠨᠥ ᠶᠢᠨ ᠬᠥᠷᠦᠰᠦᠨ ᠳᠦ ᠪᠠᠭᠤᠯᠭᠠᠭᠰᠠᠨ᠂ ᠰᠤᠳᠤᠯᠭᠠᠨ ᠤ ᠴᠢᠬᠤᠯᠠ ᠪᠦᠲᠦᠭᠡᠯ ᠪᠣᠯᠤᠭᠰᠠᠨ ᠢ ᠶᠣᠰᠣᠯᠠᠯ ᠳᠤ ᠣᠷᠣᠯᠴᠠᠭᠴᠢᠳ ᠣᠨᠴᠠᠯᠠᠵᠤ ᠪᠠᠶᠢᠪᠠ᠃
ᠠᠺᠠᠳᠧᠮᠢᠴᠢ ᠲ ∙ ᠳᠣᠷᠵᠢ ᠬᠡᠯᠡᠬᠦ ᠳᠦ ᠪᠡᠨ᠄ ᠤᠯᠤᠰ ᠣᠷᠣᠨ ᠨᠤᠭᠤᠳ ᠤᠨ ᠡᠳ᠋ ᠦᠨ ᠵᠠᠰᠠᠭ ᠥᠪᠡᠷ ᠥᠪᠡᠷ ᠦᠨ ᠣᠨᠴᠠᠯᠢᠭ ᠲᠠᠢ᠃ ᠮᠠᠨ ᠤ ᠤᠯᠤᠰ ᠤᠨ ᠡᠳ᠋ ᠦᠨ ᠵᠠᠰᠠᠭ ᠤᠨ ᠲᠡᠦᠬᠡ ᠪᠠᠶᠠᠯᠢᠭ᠃ ᠮᠣᠩᠭᠣᠯ ᠤᠨ ᠡᠵᠡᠨᠲᠦ ᠭᠦᠷᠦᠨ ᠡᠴᠡ ᠡᠬᠢᠯᠡᠭᠡᠳ ᠬᠠᠮᠤᠭ ᠤᠨ ᠲᠣᠮᠣ ᠡᠳ᠋  ᠦᠨ ᠵᠠᠰᠠᠭ ᠲᠠᠢ ᠪᠠᠶᠢᠭᠰᠠᠨ ᠣᠷᠣᠨ᠃ ᠣᠳᠣ ᠭᠡᠬᠦ ᠳᠦ ᠯᠠ ᠨᠡᠭᠦᠳᠡᠯᠴᠢᠨ ᠦ ᠬᠢ ᠡᠴᠡ ᠭᠠᠳᠠᠨ᠎ᠠ ᠰᠠᠭᠤᠷᠢᠨ ᠰᠤᠶᠤᠯ ᠢᠷᠭᠡᠨᠰᠢᠯ ᠬᠣᠣᠰᠯᠠᠭᠰᠠᠨ᠂ ᠬᠣᠯᠢᠮᠠᠭ ᠣᠨᠴᠠᠯᠢᠭ ᠲᠠᠢ᠃ ᠡᠨᠡ ᠪᠦᠬᠦᠨ ᠢ ᠵᠣᠬᠢᠬᠤ ᠬᠡᠮᠵᠢᠶ᠎ᠡ ᠪᠡᠷ ᠲᠣᠳᠣᠷᠬᠠᠢ ᠲᠤᠰᠬᠠᠭᠰᠠᠨ ᠭᠡᠪᠡ᠃

ᠰᠡᠳᠬᠢᠭᠳᠡᠯ ᠦᠯᠡᠳᠡᠭᠡᠬᠦ