ᠣᠨ ᠤ ᠡᠬᠢᠨ ᠦ 10 ᠰᠠᠷ᠎ᠠ ᠶᠢᠨ ᠪᠠᠶᠢᠳᠠᠯ ᠢᠶᠠᠷ ᠡᠺᠰᠫᠣᠷᠲ ᠡᠮᠦᠨᠡᠬᠢ ᠣᠨ ᠤ ᠮᠥᠨ ᠦᠶ᠎ᠡ ᠡᠴᠡ 25.7 ᠬᠤᠪᠢ ᠪᠠᠷ ᠥᠰᠴᠦ᠂ 7.5 ᠲᠡᠷᠪᠤᠮ ᠳ᠋ᠣᠯᠯᠠᠷ ᠪᠣᠯᠤᠭᠰᠠᠨ ᠪᠠᠶᠢᠨ᠎ᠠ᠃ ᠨᠡᠶᠢᠲᠡ ᠡᠺᠰᠫᠣᠷᠲ ᠤᠨ 83.9 ᠬᠤᠪᠢ ᠶᠢ ᠡᠷᠦᠳᠡᠰᠦ ᠪᠦᠲᠦᠭᠡᠭᠳᠡᠬᠦᠨ ᠦ ᠡᠺᠰᠫᠣᠷᠲ ᠪᠦᠷᠢᠳᠦᠭᠦᠯᠵᠡᠢ᠃
ᠲᠠᠢᠯᠤᠩᠲᠤ ᠬᠤᠭᠤᠴᠠᠭᠠᠨ ᠳᠤ 1.2 ᠰᠠᠶ᠎ᠠ ᠲᠣᠨ ᠵᠡᠰ ᠦᠨ ᠪᠠᠶᠠᠵᠢᠮᠠᠯ ᠢ 2.6 ᠲᠡᠷᠪᠤᠮ ᠳ᠋ᠣᠯᠯᠠᠷ ᠢᠶᠠᠷ ᠡᠺᠰᠫᠤᠷᠲᠯᠠᠵᠤ᠂ ᠣᠷᠣᠯᠭ᠎ᠠ 50 ᠣᠷᠴᠢᠮ ᠬᠤᠪᠢ ᠪᠠᠷ ᠥᠰᠴᠠᠢ᠃ ᠲᠡᠮᠦᠷ ᠦᠨ ᠬᠥᠳᠡᠷ ᠦᠨ ᠡᠺᠰᠫᠣᠷᠲ ᠤᠨ ᠣᠷᠣᠯᠭ᠎ᠠ ᠨᠢ 906 ᠰᠠᠶ᠎ᠠ ᠳ᠋ᠣᠯᠯᠠᠷ ᠪᠣᠯᠤᠭᠰᠠᠨ ᠪᠠᠶᠢᠨ᠎ᠠ᠃ ᠡᠨᠡ ᠨᠢ ᠵᠢᠯ ᠦᠨ ᠳ᠋ᠦᠩ ᠢᠶᠡᠷ 71.8 ᠬᠤᠪᠢ ᠪᠠᠷ ᠥᠰᠦᠭᠰᠡᠨ ᠦᠵᠡᠭᠦᠯᠦᠯᠲᠡ ᠪᠣᠯᠤᠯ᠎ᠠ᠃
ᠴᠢᠯᠠᠭᠤᠨ ᠨᠡᠭᠦᠷᠡᠰᠦᠨ ᠦ ᠡᠺᠰᠫᠣᠷᠲ ᠤᠨ ᠪᠡᠶᠡᠲᠦ ᠬᠡᠮᠵᠢᠶ᠎ᠡ ᠡᠬᠢᠨ ᠦ 10 ᠰᠠᠷ᠎ᠠ ᠳᠤ 43.6 ᠬᠤᠪᠢ ᠪᠠᠷ ᠪᠠᠭᠤᠷᠠᠵᠤ ᠂ 13.5 ᠰᠠᠶ᠎ᠠ ᠲᠣᠨ ᠪᠣᠯᠤᠭᠰᠠᠨ ᠪᠠᠶᠢᠨ᠎ᠠ᠃ ᠦᠨ᠎ᠡ ᠥᠨᠳᠥᠷ ᠪᠠᠶᠢᠭ᠎ᠠ ᠨᠢ ᠪᠡᠶᠡᠲᠦ ᠬᠡᠮᠵᠢᠶᠡᠨ ᠦ ᠪᠠᠭᠤᠷᠠᠯᠲᠠ ᠶᠢ ᠨᠥᠬᠥᠵᠦ ᠪᠠᠶᠢᠨ᠎ᠠ᠃ ᠨᠡᠭᠦᠷᠡᠰᠦᠨ ᠦ ᠡᠺᠰᠫᠣᠷᠲ ᠤᠨ ᠣᠷᠣᠯᠭ᠎ᠠ 1.9 ᠲᠡᠷᠪᠤᠮ ᠳ᠋ᠣᠯᠯᠠᠷ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 200 ᠣᠷᠴᠢᠮ ᠰᠠᠶ᠎ᠠ ᠳ᠋ᠣᠯᠯᠠᠷ ᠢᠶᠠᠷ ᠥᠰᠴᠠᠢ᠃