ᠡᠳ᠋ ᠦᠨ ᠵᠠᠰᠠᠭ ᠤᠨ ᠥᠰᠦᠯᠲᠡ 2022 ᠣᠨ ᠳᠤ 6.5 ᠬᠤᠪᠢ ᠬᠦᠷᠬᠦ ᠲᠥᠯᠥᠪ ᠲᠡᠢ | News.MN

ᠡᠳ᠋ ᠦᠨ ᠵᠠᠰᠠᠭ ᠤᠨ ᠥᠰᠦᠯᠲᠡ 2022 ᠣᠨ ᠳᠤ 6.5 ᠬᠤᠪᠢ ᠬᠦᠷᠬᠦ ᠲᠥᠯᠥᠪ ᠲᠡᠢ

ᠧᠦ᠋ᠷᠣᠫᠠ ᠶᠢᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢ ᠮᠣᠩᠭᠣᠯ ᠤᠯᠤᠰ ᠤᠨ 2021 ᠣᠨ ᠤ ᠡᠳ᠋  ᠦᠨ ᠵᠠᠰᠠᠭ ᠤᠨ ᠪᠣᠳᠠᠲᠤ ᠦᠰᠦᠯᠲᠡ 6.1 ᠬᠤᠪᠢ ᠳᠤ ᠬᠦᠷᠬᠦ ᠪᠡᠷ ᠪᠠᠶᠢᠭ᠎ᠠ ᠶᠢ ᠮᠡᠳᠡᠭᠡᠯᠡᠯ᠎ᠡ᠃ ᠡᠭᠦᠨ ᠳᠦ ᠮᠣᠩᠭᠣᠯ ᠤᠯᠤᠰ ᠤᠨ ᠡᠺᠰᠫᠣᠷᠲ ᠤᠨ ᠲᠦᠭᠦᠬᠡᠢ ᠡᠳ᠋  ᠦᠨ  ᠡᠷᠢᠯᠲᠡ ᠥᠨᠳᠦᠷ ᠪᠠᠶᠢᠭ᠎ᠠ᠂ ᠳᠣᠲᠣᠭᠠᠳᠤ ᠶᠢᠨ ᠡᠷᠢᠯᠲᠡ ᠥᠰᠴᠦ ᠪᠤᠢ ᠵᠡᠷᠭᠡ ᠨᠢ ᠨᠥᠯᠦᠭᠡᠯᠡᠨ᠎ᠡ ᠭᠡᠵᠦ ᠦᠵᠡᠭᠰᠡᠨ ᠪᠠᠶᠢᠨ᠎ᠠ᠃ ᠬᠠᠷᠢᠨ 2022 ᠣᠨ ᠳᠤ ᠡᠳ᠋ ᠦᠨ ᠵᠠᠰᠠᠭ ᠤᠨ ᠥᠰᠦᠯᠲᠡ 6.5 ᠬᠤᠪᠢ ᠳᠤ ᠬᠦᠷᠬᠦ ᠳᠦ ᠠᠶᠠᠯᠠᠯ᠂ ᠵᠢᠭᠤᠯᠴᠢᠯᠠᠯ ᠤᠨ ᠰᠠᠯᠪᠤᠷᠢ ᠶᠢᠨ ᠰᠡᠷᠭᠦᠯᠲᠡ ᠨᠥᠯᠦᠭᠡᠯᠡᠨ᠎ᠡ ᠭᠡᠵᠦ ᠦᠵᠡᠵᠡᠢ᠃ ᠲᠡᠭᠦᠨᠴᠢᠯᠡᠨ ᠡᠳ᠋  ᠦᠨ ᠵᠠᠰᠠᠭ ᠬᠤᠷᠳᠤᠴᠠ ᠲᠠᠢ ᠰᠡᠷᠭᠦᠵᠦ ᠪᠠᠶᠢᠨ᠎ᠠ ᠬᠡᠮᠡᠨ ᠲᠠᠶᠢᠯᠤᠨ ᠳᠤ ᠪᠠᠨ ᠳ᠋ᠦᠩᠨᠡᠭᠰᠡᠨ ᠪᠠᠶᠢᠨ᠎ᠠ᠃
2021 ᠣᠨ ᠤ ᠡᠬᠢᠨ ᠦ ᠬᠠᠭᠠᠰ ᠲᠤ ᠮᠣᠩᠭᠣᠯ ᠤᠯᠤᠰ ᠤᠨ ᠡᠳ᠋ ᠦᠨ ᠵᠠᠰᠠᠭ 6.3 ᠬᠤᠪᠢ ᠪᠠᠷ ᠥᠰᠦᠭᠰᠡᠨ ᠦᠵᠡᠭᠦᠯᠦᠯᠲᠡ ᠲᠡᠢ ᠭᠠᠷᠤᠭᠠᠳ ᠪᠠᠶᠢᠭ᠎ᠠ ᠶᠤᠮ᠃ ᠡᠭᠦᠨ ᠳᠦ ᠬᠢᠲᠠᠳ ᠤᠨ ᠡᠷᠢᠯᠲᠡ ᠠᠭᠤᠯᠠ ᠠᠭᠤᠷᠬᠠᠢ ᠶᠢᠨ ᠰᠠᠯᠪᠤᠷᠢ ᠳᠤ ᠲᠦᠯᠬᠢᠴᠡ ᠪᠣᠯᠤᠭᠰᠠᠨ ᠨᠢ ᠭᠣᠣᠯᠯᠠᠨ ᠨᠥᠯᠦᠭᠡᠯᠡᠵᠡᠢ᠃

ᠰᠡᠳᠬᠢᠭᠳᠡᠯ ᠦᠯᠡᠳᠡᠭᠡᠬᠦ