ᠭᠠᠳᠠᠭᠠᠳᠤ ᠬᠤᠳᠠᠯᠳᠤᠭ᠎ᠠ ᠶᠢ ᠨᠡᠮᠡᠭᠳᠡᠭᠦᠯᠬᠦ ᠲᠠᠯ᠎ᠠ ᠪᠠᠷ ᠰᠠᠨᠠᠯ ᠰᠣᠯᠢᠯᠴᠠᠪᠠ | News.MN

ᠭᠠᠳᠠᠭᠠᠳᠤ ᠬᠤᠳᠠᠯᠳᠤᠭ᠎ᠠ ᠶᠢ ᠨᠡᠮᠡᠭᠳᠡᠭᠦᠯᠬᠦ ᠲᠠᠯ᠎ᠠ ᠪᠠᠷ ᠰᠠᠨᠠᠯ ᠰᠣᠯᠢᠯᠴᠠᠪᠠ

ᠤᠯᠤᠰ ᠤᠨ ᠶᠡᠬᠡ ᠬᠤᠷᠠᠯ ᠤᠨ ᠳᠠᠷᠤᠭ᠎ᠠ ᠭ ∙ᠽᠠᠨᠳᠠᠨᠰᠢᠲᠠᠷ᠎ᠠ ᠧᠦ᠋ᠷᠣᠫᠠ ᠶᠢᠨ ᠬᠣᠯᠪᠣᠭᠠᠨ ᠠᠴᠠ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠨ᠂ ᠠᠵᠢᠯ ᠳᠤ ᠪᠠᠨ ᠣᠷᠣᠭᠠᠳ ᠪᠤᠢ ᠡᠯᠴᠢᠨ ᠰᠠᠶᠢᠳ᠂ ᠬᠠᠲᠤᠭᠲᠠᠢ ᠠᠺᠰᠧᠯ ᠨᠢᠺᠧᠢᠰ ᠢ ᠬᠦᠯᠢᠶᠡᠨ ᠠᠪᠴᠤ ᠠᠭᠤᠯᠵᠠᠯ᠎ᠠ᠃ ᠬᠣᠶᠠᠷ ᠲᠠᠯ᠎ᠠ ᠴᠠᠬᠢᠮ ᠰᠢᠯᠵᠢᠯᠲᠡ᠂ ᠬᠥᠷᠥᠩᠭᠡ ᠣᠷᠣᠭᠤᠯᠤᠯᠲᠠ ᠶᠢ ᠳᠡᠮᠵᠢᠬᠦ ᠡᠷᠬᠡ ᠵᠦᠢ ᠶᠢᠨ ᠰᠢᠨᠡᠴᠢᠯᠡᠯ᠂ ᠨᠣᠭᠣᠭᠠᠨ ᠡᠳ᠋  ᠦᠨ ᠵᠠᠰᠠᠭ ᠤᠨ ᠪᠣᠳᠣᠯᠭ᠎ᠠ᠂ ᠭᠠᠳᠠᠭᠠᠳᠤ ᠬᠤᠳᠠᠯᠳᠤᠭ᠎ᠠ ᠶᠢ ᠨᠡᠮᠡᠭᠳᠡᠭᠦᠯᠬᠦ᠂ ᠲᠣᠭᠲᠠᠪᠤᠷᠢᠲᠠᠢ ᠬᠥᠭᠵᠢᠯ ᠦᠨ ᠵᠣᠷᠢᠯᠭ᠎ᠠ ᠶᠢ ᠬᠠᠩᠭᠠᠬᠤ ᠵᠡᠷᠭᠡ ᠴᠢᠭᠯᠡᠯ ᠢᠶᠡᠷ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠬᠠᠷᠢᠯᠴᠠᠨ ᠰᠠᠨᠠᠯ ᠰᠣᠯᠢᠯᠴᠠᠵᠠᠢ᠃

ᠡᠯᠴᠢᠨ ᠰᠠᠶᠢᠳ᠂ ᠬᠠᠲᠤᠭᠲᠠᠢ ᠠᠺᠰᠧᠯ ᠨᠢᠺᠧᠢᠰ ᠳᠡᠯᠡᠬᠡᠢ ᠨᠡᠶᠢᠲᠡ ᠠᠭᠤᠷ ᠠᠮᠢᠰᠬᠤᠯ ᠤᠨ ᠥᠭᠡᠷᠡᠴᠢᠯᠡᠯᠲᠡ ᠶᠢᠨᠡᠰᠡᠷᠭᠦ ᠨᠢᠭᠡᠳᠦᠮᠡᠯ ᠡᠷᠡᠮᠡᠯᠵᠡᠯ ᠲᠡᠢ ᠪᠠᠶᠢᠭ᠎ᠠ ᠡᠨᠡ ᠦᠶ᠎ᠡ ᠳᠦ ᠬᠦᠷᠢᠶᠡᠯᠡᠨ ᠪᠤᠢ ᠣᠷᠴᠢᠨ ᠳᠤ ᠡᠭᠡᠯᠢᠲᠡᠢ ᠲᠥᠰᠦᠯ᠂ ᠬᠥᠲᠦᠯᠪᠦᠷᠢ ᠨᠦᠭᠦᠳ ᠬᠡᠷᠡᠭᠵᠢᠭᠦᠯᠵᠦ᠂ ᠰᠡᠷᠭᠦᠭᠡᠭᠳᠡᠬᠦ ᠡᠷᠴᠢᠮ ᠬᠦᠴᠦ ᠪᠣᠯᠤᠨ ᠪᠤᠰᠤᠳ ᠰᠠᠯᠪᠤᠷᠢ ᠳᠤ ᠬᠥᠷᠦᠩᠭᠡ ᠣᠷᠣᠭᠤᠯᠤᠯᠲᠠ ᠪᠠᠨ ᠨᠡᠮᠡᠭᠳᠡᠭᠦᠯᠵᠦ ᠪᠤᠢ ᠳᠡᠯᠡᠬᠡᠢ ᠶᠢᠨ ᠤᠯᠤᠰ ᠣᠷᠣᠨ ᠨᠤᠭᠤᠳ ᠤᠨ ᠰᠠᠶᠢᠨ ᠲᠤᠷᠰᠢᠯᠭ᠎ᠠ ᠶᠢ ᠰᠤᠳᠤᠯᠤᠨ ᠨᠡᠪᠲᠡᠷᠡᠭᠦᠯᠵᠦ᠂ ᠬᠠᠮᠲᠤ ᠶᠢᠨ ᠠᠵᠢᠯᠯᠠᠭᠠᠨ ᠤ ᠪᠣᠳᠣᠯᠭ᠎ᠠ ᠪᠠᠨ ᠰᠢᠨ᠎ᠡ ᠴᠢᠭ ᠬᠠᠨᠳᠤᠯᠭ᠎ᠠ ᠲᠠᠢ ᠤᠶᠠᠯᠳᠤᠭᠤᠯᠬᠤ ᠶᠢᠨ ᠲᠤᠯᠠᠳᠠ ᠠᠭᠤᠯᠵᠠᠯᠲᠠ ᠬᠡᠯᠡᠯᠴᠡᠭᠦᠯᠭᠡ ᠬᠢᠵᠦ᠂ ᠬᠠᠮᠲᠤᠷᠠᠭᠰᠠᠨ ᠬᠥᠲᠦᠯᠪᠦᠷᠢ ᠨᠦᠭᠦᠳ ᠡᠬᠢᠯᠡᠭᠦᠯᠬᠦ ᠳᠦ ᠪᠡᠯᠡᠨ ᠪᠠᠶᠢᠭ᠎ᠠ ᠪᠠᠨ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ