ᠲᠡᠦᠬᠡ ᠶᠢᠨ ᠨᠡᠩ ᠴᠢᠬᠤᠯᠠ ᠪᠢᠴᠢᠭ ᠢ ᠭᠠᠳᠠᠭᠠᠳᠤ ᠳᠤ ᠵᠠᠷᠤᠭᠰᠠᠨ ᠬᠡᠷᠡᠭ ᠲᠦ ᠡᠷᠡᠭᠦᠦ ᠡᠭᠦᠰᠭᠡᠵᠡᠢ | News.MN

ᠲᠡᠦᠬᠡ ᠶᠢᠨ ᠨᠡᠩ ᠴᠢᠬᠤᠯᠠ ᠪᠢᠴᠢᠭ ᠢ ᠭᠠᠳᠠᠭᠠᠳᠤ ᠳᠤ ᠵᠠᠷᠤᠭᠰᠠᠨ ᠬᠡᠷᠡᠭ ᠲᠦ ᠡᠷᠡᠭᠦᠦ ᠡᠭᠦᠰᠭᠡᠵᠡᠢ

ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠣᠯᠤᠨ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠬᠠᠮᠲᠤᠷᠠᠭᠰᠠᠨ ᠬᠤᠷᠠᠯᠳᠤᠭᠠᠨ ᠢᠶᠠᠷ︽ᠨᠡᠶᠢᠲᠡ ᠶᠢᠨ ᠮᠡᠳᠡᠭᠡᠯᠡᠯ ᠦᠨ ᠲᠤᠬᠠᠢ︾ᠬᠠᠤᠯᠢ ᠶᠢᠨ ᠲᠥᠰᠥᠯ ᠢ ᠬᠡᠯᠡᠯᠴᠡᠬᠦ ᠦᠶ᠎ᠡ ᠪᠡᠷ ᠤᠯᠤᠰ ᠤᠨ ᠶᠡᠬᠡ ᠬᠤᠷᠠᠯ  ᠦᠨ ᠭᠡᠰᠢᠭᠦᠨ ᠴ∙ᠤᠨᠳᠤᠷᠤᠮ᠎ᠠ ᠬᠦᠷᠢᠶ᠎ᠡ ᠰᠠᠶᠢᠳ ᠤᠨ ᠳᠠᠩᠰᠠ ᠬᠠᠷ᠎ᠠ ᠶᠢ ᠭᠠᠳᠠᠭᠠᠳᠤ ᠳᠤ ᠵᠠᠷᠤᠭᠰᠠᠨ ᠦᠢᠯᠡᠳᠦᠯ ᠳᠦ ᠬᠠᠤᠯᠢ ᠶᠢᠨ ᠶᠠᠮᠠᠷ ᠬᠠᠷᠢᠭᠤᠴᠠᠯᠭ᠎ᠠ ᠬᠦᠯᠢᠶᠡᠯᠭᠡᠬᠦ ᠶᠢ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠠᠴᠠ ᠲᠣᠳᠣᠷᠠᠭᠤᠯᠵᠠᠢ᠃
ᠲᠡᠷᠡ᠄ ᠰᠡᠭᠦᠯ ᠦᠨ ᠨᠢᠭᠡ ᠵᠢᠯ ᠭᠠᠷᠤᠢ ᠶᠢᠨ ᠬᠤᠭᠤᠴᠠᠭᠠᠨ ᠳᠤ ᠮᠣᠩᠭᠣᠯ ᠤᠨ ᠲᠡᠷᠢᠭᠦᠨ ᠦ ᠲᠡᠦᠬᠡᠴᠢᠳ ᠨᠢᠭᠡ ᠠᠰᠠᠭᠤᠳᠠᠯ ᠢ ᠳᠡᠪᠰᠢᠭᠦᠯᠦᠭᠡᠳ ᠪᠠᠶᠢᠭ᠎ᠠ᠃ ᠮᠣᠩᠭᠣᠯ ᠤᠯᠤᠰ ᠤᠨ 1725-1911 ᠣᠨ ᠤ ᠲᠡᠦᠬᠡ ᠳᠦ ᠬᠠᠮᠢᠶᠠᠷᠬᠤ ᠬᠦᠷᠢᠶ᠎ᠡ ᠰᠠᠶᠢᠳ ᠤᠨ ᠳᠠᠩᠰᠠ  ᠬᠠᠷ᠎ᠠ ᠶᠢ ᠭᠠᠳᠠᠭᠠᠳᠤ ᠳᠤ ᠵᠠᠷᠤᠭᠰᠠᠨ ᠪᠠᠶᠢᠨ᠎ᠠ᠃ ᠳᠠᠩᠰᠠ ᠬᠠᠷ᠎ᠠ ᠶᠢ ᠨᠣᠮ ᠪᠣᠯᠭᠠᠨ᠂ ᠠᠮᠧᠷᠢᠺᠠ ᠶᠢᠨ ᠺᠣᠩᠷᠧᠰᠰ ᠤᠨ ᠨᠣᠮ ᠤᠨ ᠰᠠᠩ ᠳᠤ 《ᠬᠢᠲᠠᠳ ᠤᠨ ᠣᠷᠣᠨ ᠨᠤᠲᠤᠭ ᠤᠨ ᠲᠡᠦᠬᠡ》ᠭᠡᠰᠡᠨ ᠠᠩᠭᠢᠯᠠᠯ ᠳᠣᠣᠷ᠎ᠠ ᠣᠷᠣᠭᠤᠯᠤᠭᠰᠠᠨ ᠪᠠᠶᠢᠨ᠎ᠠ᠃ ᠢᠩᠭᠢᠬᠦ ᠳᠦ ᠪᠡᠨ ᠬᠦᠷᠢᠶ᠎ᠡ ᠶᠢ ᠬᠢᠲᠠᠳ ᠤᠨ ᠨᠢᠭᠡ ᠬᠣᠰᠢᠭᠤ ᠭᠡᠰᠡᠨ ᠪᠠᠶᠢᠳᠠᠯ ᠢᠶᠠᠷ ᠭᠤᠶᠢᠪᠢᠭᠤᠯᠬᠤ ᠠᠰᠠᠭᠤᠳᠠᠯ ᠭᠠᠷᠤᠯ᠎ᠠ᠃ ᠮᠣᠩᠭᠣᠯ ᠤᠨ 1725-1911 ᠣᠨ ᠬᠦᠷᠲᠡᠯᠡᠬᠢ ᠲᠡᠦᠬᠡ ᠰᠠᠩ ᠬᠦᠮᠦᠷᠭᠡ ᠨᠡᠭᠡᠭᠡᠯᠲᠡᠲᠡᠢ ᠮᠡᠳᠡᠭᠡᠯᠡᠯ ᠦᠦ᠂ ᠬᠠᠭᠠᠯᠲᠠᠲᠠᠢ ᠮᠡᠳᠡᠭᠡᠯᠡᠯ ᠦᠦ᠃ ᠡᠭᠦᠨ ᠢ ᠬᠡᠨ ᠳᠤᠷᠠᠲᠠᠢ ᠨᠢ ᠠᠪᠤᠭᠠᠳ ᠬᠡᠪᠯᠡᠭᠦᠯᠦᠭᠡᠳ ᠶᠠᠪᠤᠵᠤ ᠪᠣᠯᠬᠤ ᠶᠤᠮ ᠤᠤ᠃︽ᠨᠡᠶᠢᠲᠡ ᠶᠢᠨ ᠮᠡᠳᠡᠭᠡᠯᠡᠯ ᠦᠨ ᠲᠤᠬᠠᠢ︾ᠬᠠᠤᠯᠢ ᠶᠢᠨ 7.6  ᠳᠦ ᠬᠠᠭᠠᠯᠲᠠᠲᠠᠢ ᠮᠡᠳᠡᠭᠡᠯᠡᠯ ᠭᠡᠳᠡᠭ ᠵᠢᠭᠠᠯᠲᠠ ᠪᠤᠢ᠃ ᠡᠨᠳᠡ ᠬᠠᠮᠤᠷᠤᠭᠳᠠᠬᠤ ᠶᠤᠮ ᠤᠤ᠃ ᠨᠡᠭᠡᠭᠡᠯᠲᠡᠲᠡᠢ ᠮᠡᠳᠡᠭᠡᠯᠡᠯ ᠪᠣᠯ ᠡᠨᠡ ᠬᠠᠤᠯᠢ ᠪᠠᠷ ᠬᠠᠷᠢᠭᠤᠴᠠᠯᠭ᠎ᠠ ᠬᠦᠯᠢᠶᠡᠯᠭᠡᠬᠦ ᠶᠣᠰᠣᠲᠠᠢ᠃ ᠬᠠᠭᠠᠯᠲᠠᠲᠠᠢ ᠮᠡᠳᠡᠭᠡᠯᠡᠯ ᠪᠣᠯ ᠦᠭᠡᠷ᠎ᠡ ᠬᠠᠤᠯᠢ ᠪᠠᠷ ᠬᠠᠷᠢᠭᠤᠴᠠᠯᠭ᠎ᠠ ᠬᠦᠯᠢᠶᠡᠯᠭᠡᠬᠦ ᠶᠣᠰᠣᠲᠠᠢ ᠭᠡᠯ᠎ᠡ᠃
ᠬᠠᠤᠯᠢ ᠵᠦᠢ ᠳᠣᠲᠣᠭᠠᠳᠤ ᠬᠡᠷᠡᠭ ᠦᠨ ᠶᠠᠮᠤᠨ ᠤ ᠰᠠᠶᠢᠳ ᠬ∙ᠨᠢᠮᠠᠪᠠᠭᠠᠲᠤᠷ᠄︽ᠨᠡᠶᠢᠲᠡ ᠶᠢᠨ ᠮᠡᠳᠡᠭᠡᠯᠡᠯ ᠦᠨ ᠲᠤᠬᠠᠢ︾ᠬᠠᠤᠯᠢ ᠶᠢᠨ ᠲᠥᠰᠥᠯ ᠦᠨ ᠳᠠᠷᠠᠭ᠎ᠠ︽ᠠᠷᠬᠢᠪ᠂ ᠠᠯᠪᠠᠨ ᠬᠡᠷᠡᠭ ᠬᠥᠲᠦᠯᠦᠯᠲᠡ ᠶᠢᠨ ᠲᠤᠬᠠᠢ︾ᠬᠠᠤᠯᠢ ᠶᠢ ᠰᠢᠨᠡᠴᠢᠯᠡᠵᠦ ᠭᠠᠷᠭᠠᠬᠤ ᠱᠠᠭᠠᠷᠳᠠᠯᠭ᠎ᠠ ᠲᠠᠢ ᠪᠠᠶᠢᠭ᠎ᠠ᠃ ᠴ∙ᠤᠨᠳᠤᠷᠤᠮ᠎ᠠ ᠭᠡᠰᠢᠭᠦᠨ ᠦ ᠳᠤᠷᠠᠳᠤᠭᠰᠠᠨ ᠲᠡᠦᠬᠡ ᠶᠢᠨ ᠨᠡᠩ ᠴᠢᠬᠤᠯᠠ ᠣᠯᠳᠠᠪᠤᠷᠢ᠂ ᠪᠢᠴᠢᠭ ᠢ ᠨᠡᠭᠡᠭᠡᠯᠲᠡ ᠲᠡᠢ ᠠᠩᠭᠢᠯᠠᠯ ᠳᠤ ᠣᠷᠣᠭᠤᠯᠤᠭ᠎ᠠ ᠦᠭᠡᠢ᠃ ᠴᠢᠩ ᠭᠦᠷᠦᠨ ᠦ ᠦᠶ᠎ᠡ ᠳᠦ ᠬᠠᠮᠢᠶᠠᠷᠬᠤ ᠠᠷᠬᠢᠪ ᠤᠨ ᠬᠣᠪᠣᠷ ᠪᠠᠷᠢᠮᠲᠠ ᠪᠢᠴᠢᠭ ᠢ ᠭᠠᠳᠠᠭᠠᠳᠤ ᠳᠤ ᠵᠠᠷᠤᠭᠰᠠᠨ ᠲᠠᠢ ᠬᠣᠯᠪᠣᠭ᠎ᠠ ᠲᠠᠢ ᠠᠰᠠᠭᠤᠳᠠᠯ ᠳᠤ ᠡᠷᠡᠭᠦᠦ ᠶᠢᠨ ᠬᠡᠷᠡᠭ ᠡᠭᠦᠰᠬᠡᠨ᠂ ᠬᠣᠯᠪᠣᠭᠳᠠᠬᠤ ᠠᠯᠪᠠᠨ ᠲᠤᠰᠢᠶᠠᠯᠲᠠᠨ ᠢ ᠥᠩᠭᠡᠷᠡᠭᠰᠡᠨ ᠳᠣᠯᠣᠭ᠎ᠠ ᠬᠣᠨᠣᠭ ᠲᠤ ᠶᠠᠯᠠᠯᠠᠭᠳᠠᠭᠴᠢ ᠪᠠᠷ ᠲᠠᠲᠠᠭᠰᠠᠨ ᠭᠡᠪᠡ᠃

ᠰᠡᠳᠬᠢᠭᠳᠡᠯ ᠦᠯᠡᠳᠡᠭᠡᠬᠦ