ᠮᠣᠩᠭᠣᠯ ᠤᠯᠤᠰ ᠳᠡᠯᠡᠬᠡᠢ ᠶᠢᠨ ᠥᠪ ᠦᠨ ᠬᠣᠷᠢᠶᠠᠨ ᠤ ᠰᠣᠩᠭᠣᠭᠤᠯᠢ ᠳᠤ ᠨᠡᠷ᠎ᠡ ᠪᠡᠨ ᠳᠡᠪᠰᠢᠭᠦᠯᠪᠡ | News.MN

ᠮᠣᠩᠭᠣᠯ ᠤᠯᠤᠰ ᠳᠡᠯᠡᠬᠡᠢ ᠶᠢᠨ ᠥᠪ ᠦᠨ ᠬᠣᠷᠢᠶᠠᠨ ᠤ ᠰᠣᠩᠭᠣᠭᠤᠯᠢ ᠳᠤ ᠨᠡᠷ᠎ᠡ ᠪᠡᠨ ᠳᠡᠪᠰᠢᠭᠦᠯᠪᠡ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠤᠶᠤᠯ ᠤᠨ ᠪᠠᠶᠢᠭᠤᠯᠤᠯᠭ᠎ᠠ ᠪᠤᠶᠤ  ᠶᠤᠨᠧᠰᠺᠤ ᠶᠢᠨ ᠶᠡᠷᠦᠩᠬᠡᠢ ᠪᠠᠭ᠎ᠠ ᠬᠤᠷᠠᠯ ᠤᠨ 41 ᠳ᠋ᠦ᠋ᠭᠡᠷ ᠴᠢᠭᠤᠯᠭᠠᠨ ᠡᠨᠡ ᠰᠠᠷ᠎ᠠ ᠶᠢᠨ 09-27  ᠳᠤ ᠹᠷᠠᠨᠼᠢ ᠤᠯᠤᠰ  ᠲᠤ ᠪᠣᠯᠵᠤ ᠪᠠᠢᠭ᠎ᠠ ᠪᠠ ᠮᠣᠩᠭᠣᠯ ᠤᠯᠤᠰ ᠢ ᠲᠥᠯᠥᠭᠡᠯᠡᠨ ᠰᠤᠶᠤᠯ ᠤᠨ ᠶᠠᠮᠤᠨ ᠤ ᠰᠠᠶᠢᠳ ᠴ∙ᠨᠣᠮᠢᠨ ᠲᠡᠷᠢᠭᠦᠲᠡᠢ ᠲᠥᠯᠥᠭᠡᠯᠡᠭᠴᠢᠳ ᠣᠷᠣᠯᠴᠠᠵᠤ ᠪᠠᠶᠢᠨ᠎ᠠ᠃
41 ᠳ᠋ᠦ᠋ᠭᠡᠷ ᠴᠢᠭᠤᠯᠭᠠᠨ ᠢᠶᠠᠷ ᠲᠤᠰ ᠪᠠᠶᠢᠭᠤᠯᠤᠯᠭ᠎ᠠ ᠶᠢᠨ 2022-2025 ᠣᠨ ᠤ ᠲᠥᠰᠥᠪ᠂ ᠬᠥᠲᠥᠯᠪᠦᠷᠢ᠂ 2022-2029 ᠣᠨ ᠤ ᠳᠤᠮᠳᠠ ᠬᠤᠭᠤᠴᠠᠭᠠᠨ ᠤ ᠰᠲᠷᠠᠲ᠋ᠧᠭᠢ᠂ ᠨᠡᠭᠡᠭᠡᠯᠲᠡ ᠲᠡᠢ ᠰᠢᠨᠵᠢᠯᠡᠬᠦ ᠤᠬᠠᠭᠠᠨ ᠤ ᠵᠥᠪᠯᠡᠮᠵᠢ ᠵᠡᠷᠭᠡ ᠪᠣᠳᠣᠯᠭ᠎ᠠ ᠶᠢᠨ ᠪᠠᠷᠢᠮᠲᠠ ᠪᠢᠴᠢᠭ ᠦᠳ ᠢ ᠪᠠᠲᠤᠯᠠᠬᠤ ᠪᠥᠭᠡᠳ ᠳᠡᠯᠡᠬᠡᠢ ᠶᠢᠨ ᠥᠪ ᠦᠨ ᠬᠣᠷᠢᠶ᠎ᠠ᠂ ᠮᠡᠳᠡᠭᠡᠯᠡᠯ ᠬᠠᠷᠢᠯᠴᠠᠭᠠᠨ ᠤ ᠬᠥᠭᠵᠢᠯ ᠦᠨ ᠣᠯᠠᠨ ᠤᠯᠤᠰ ᠤᠨ ᠬᠥᠲᠥᠯᠪᠦᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠵᠥᠪᠯᠡᠯ᠂ ᠰᠲ᠋ᠠᠲ᠋ᠢᠰᠲ᠋ᠢᠺ ᠤᠨ ᠬᠦᠷᠢᠶᠡᠯᠡᠩ ᠦᠨ ᠤᠳᠤᠷᠢᠳᠬᠤ ᠵᠥᠪᠯᠡᠯ ᠦᠨ ᠭᠡᠰᠢᠭᠦᠳ ᠦᠨ ᠰᠣᠩᠭᠣᠭᠤᠯᠢ ᠶᠠᠪᠤᠭᠳᠠᠬᠤ ᠶᠤᠮ᠃
ᠰᠤᠶᠤᠯ ᠤᠨ ᠰᠠᠶᠢᠳ ᠴ∙ᠨᠣᠮᠢᠨ ᠶᠡᠷᠦᠩᠬᠡᠢ ᠬᠡᠯᠡᠯᠴᠡᠭᠦᠯᠭᠡ ᠳᠦ ᠦᠭᠡ ᠬᠡᠯᠡᠵᠦ᠂ ᠥᠩᠭᠡᠷᠡᠭᠰᠡᠨ ᠬᠣᠶᠠᠷ ᠵᠢᠯ ᠦᠨ ᠬᠤᠭᠤᠴᠠᠭᠠᠨ ᠳᠤ ᠮᠣᠩᠭᠣᠯ ᠤᠯᠤᠰ᠂  ᠶᠤᠨᠧᠰᠺᠤ ᠶᠢᠨ  ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠬᠡᠷᠡᠭᠵᠢᠭᠦᠯᠵᠦ ᠪᠤᠢ ᠲᠥᠰᠥᠯ ᠬᠥᠲᠥᠯᠪᠦᠷᠢ ᠶᠢᠨ ᠬᠡᠷᠡᠭᠵᠢᠯᠲᠡ ᠶᠢ ᠳ᠋ᠦᠩᠨᠡᠨ ᠲᠠᠨᠢᠯᠴᠠᠭᠤᠯᠤᠯ᠎ᠠ᠃
ᠲᠡᠷᠡ ᠮᠣᠩᠭᠣᠯ ᠤᠯᠤᠰ ᠳᠡᠯᠡᠬᠡᠢ ᠶᠢᠨ ᠪᠠᠢᠭᠠᠯᠢ ᠶᠢᠨ ᠪᠣᠯᠤᠨ ᠰᠤᠶᠤᠯ ᠤᠨ ᠥᠪ ᠢ ᠬᠠᠮᠠᠭᠠᠯᠠᠬᠤ ᠲᠤᠬᠠᠢ 1972 ᠣᠨ ᠤ ᠺᠣᠨᠸᠧᠨᠼ  ᠲᠤ ᠣᠷᠣᠯᠴᠠᠭᠴᠢ ᠤᠯᠤᠰ ᠤᠳ ᠤᠨ ᠶᠡᠷᠦᠩᠬᠡᠢ ᠠᠰᠰᠠᠮᠪᠯᠧᠢ ᠶᠢᠨ 23 ᠳ᠋ᠤᠭᠠᠷ ᠴᠢᠭᠤᠯᠭᠠᠨ ᠢᠶᠠᠷ ᠳᠡᠯᠡᠬᠡᠢ ᠶᠢᠨ ᠥᠪ ᠦᠨ ᠵᠠᠰᠠᠭ ᠤᠨ ᠭᠠᠵᠠᠷ ᠬᠣᠭᠣᠷᠣᠨᠳᠣ ᠶᠢᠨ ᠬᠣᠷᠢᠶᠠᠨ ᠤ 2021-2025 ᠣᠨ ᠤ ᠭᠡᠰᠢᠭᠦᠳ ᠦᠨ ᠰᠣᠩᠭᠣᠭᠤᠯᠢ ᠳᠤ ᠠᠩᠬ᠎ᠠ ᠤᠳᠠᠭ᠎ᠠ ᠨᠡᠷ᠎ᠡ ᠪᠡᠨ ᠳᠡᠪᠰᠢᠭᠦᠯᠦᠭᠰᠡᠨ ᠢ ᠣᠨᠴᠠᠯᠠᠨ᠂ ᠮᠣᠩᠭᠣᠯ ᠤᠯᠤᠰ ᠣᠯᠠᠨ ᠤᠯᠤᠰ ᠪᠣᠯᠤᠨ ᠦᠨᠳᠦᠰᠦᠨ ᠦ ᠬᠡᠮᠵᠢᠶᠡᠨ ᠳᠦ ᠲᠤᠰ ᠺᠣᠨᠸᠧᠨᠼ ᠤᠨ ᠬᠡᠷᠡᠭᠵᠢᠯᠲᠡ ᠳᠦ ᠬᠤᠪᠢ ᠨᠡᠮᠡᠷᠢ ᠪᠡᠨ ᠣᠷᠣᠭᠤᠯᠵᠤ᠂ ᠳᠡᠯᠡᠬᠡᠢ ᠶᠢᠨ ᠥᠪ ᠦᠨ ᠵᠢᠭᠰᠠᠭᠠᠯᠲᠠ ᠳᠤ ᠪᠦᠷᠢᠳᠬᠡᠭᠳᠡᠭᠰᠡᠨ ᠭᠠᠵᠠᠷ ᠨᠤᠲᠤᠭ ᠤᠳ ᠢ ᠬᠠᠳᠠᠭᠠᠯᠠᠨ ᠬᠠᠮᠠᠭᠠᠯᠠᠬᠤ᠂ ᠮᠧᠨᠧᠵᠮᠧᠨᠲ ᠢ ᠰᠠᠶᠢᠵᠢᠷᠠᠭᠤᠯᠬᠤ᠂ ᠪᠣᠯᠪᠠᠰᠤᠨ ᠬᠦᠴᠦᠨ ᠢ ᠪᠡᠬᠢᠵᠢᠭᠦᠯᠬᠦ ᠴᠢᠭᠯᠡᠯ ᠳᠦ ᠠᠩᠬᠠᠷᠤᠨ ᠠᠵᠢᠯᠯᠠᠬᠤ ᠪᠠᠨ ᠳᠠᠬᠢᠨ ᠨᠣᠲᠠᠯᠠᠪᠠ᠃

ᠰᠡᠳᠬᠢᠭᠳᠡᠯ ᠦᠯᠡᠳᠡᠭᠡᠬᠦ