ᠲᠡᠮᠦᠷ ᠦᠨ ᠬᠥᠳᠡᠷ ᠦᠨ ᠦᠨ᠎ᠡ ᠡᠷᠭᠢᠵᠦ ᠦᠰᠦᠯ᠎ᠡ | News.MN

ᠲᠡᠮᠦᠷ ᠦᠨ ᠬᠥᠳᠡᠷ ᠦᠨ ᠦᠨ᠎ᠡ ᠡᠷᠭᠢᠵᠦ ᠦᠰᠦᠯ᠎ᠡ

ᠬᠢᠲᠠᠳ ᠤᠨ ᠦᠯᠦ ᠬᠥᠳᠡᠯᠬᠦ ᠬᠥᠷᠥᠩᠭᠡ ᠶᠢᠨ ᠰᠠᠯᠪᠤᠷᠢ ᠶᠢᠨ ᠺᠣᠮᠫᠠᠨᠢ ᠨᠤᠭᠤᠳ ᠤᠨ ᠥᠷᠢ ᠶᠢᠨ ᠠᠰᠠᠭᠤᠳᠠᠯ ᠨᠠᠮᠵᠢᠵᠤ ᠡᠬᠢᠯᠡᠭᠰᠡᠨ ᠢᠶᠡᠷ ᠲᠡᠮᠦᠷ ᠦᠨ ᠬᠥᠳᠡᠷ ᠦᠨ ᠦᠨ᠎ᠡ ᠡᠷᠭᠢᠨ ᠦᠰᠦᠯ᠎ᠡ᠃ ᠬᠢᠲᠠᠳ ᠦᠨ ᠲᠥᠪ ᠪᠠᠩᠬᠢ ᠦᠯᠦ ᠬᠦᠳᠡᠯᠬᠦ ᠬᠥᠷᠦᠩᠭᠡ ᠶᠢᠨ ᠰᠠᠯᠪᠤᠷᠢ ᠳᠤ ᠲᠣᠭᠲᠠᠭᠠᠭᠰᠠᠨ ᠬᠢᠵᠠᠭᠠᠷᠯᠠᠯᠲᠠ ᠪᠠᠨ ᠮᠥᠨ ᠰᠤᠯᠠᠷᠠᠭᠤᠯᠬᠤ ᠪᠠᠷ ᠲᠥᠯᠦᠪᠯᠡᠵᠦ ᠪᠠᠶᠢᠭ᠎ᠠ ᠶᠢ Dow Jones ᠮᠡᠳᠡᠭᠡᠯᠡᠯ᠎ᠡ᠃

ᠠᠷᠪᠠᠳᠤᠭᠠᠷ ᠰᠠᠷ᠎ᠠ ᠳᠤ ᠬᠢᠲᠠᠳ ᠤᠨ ᠲᠣᠮᠣᠬᠠᠨ ᠭᠠᠩ  ᠤᠨ ᠦᠢᠯᠡᠳᠪᠤᠷᠢ ᠶᠢᠨ ᠪᠦᠲᠦᠭᠡᠭᠳᠡᠬᠦᠨ 20 ᠣᠷᠴᠢᠮ ᠬᠤᠪᠢ ᠪᠠᠷ ᠪᠠᠭᠤᠷᠠᠵᠤ᠂ ᠲᠡᠮᠦᠷ ᠦᠨ ᠬᠦᠳᠡᠷ ᠦᠨ ᠨᠥᠭᠡᠴᠡ 2019 ᠣᠨ ᠤ ᠳᠥᠷᠪᠡᠳᠦᠭᠡᠷ ᠰᠠᠷ᠎ᠠ ᠠᠴᠠ ᠬᠣᠶᠢᠰᠢᠬᠢ ᠬᠠᠮᠤᠭ ᠤᠨ ᠥᠨᠳᠦᠷ ᠲᠦᠪᠰᠢᠨ ᠳᠦ ᠬᠦᠷᠦᠭᠰᠡᠨ ᠶᠤᠮ᠃ ᠰᠢᠩᠭᠠᠫᠦᠷ ᠤᠨ ᠪᠢᠷᠵᠢ ᠳᠦ ᠲᠡᠮᠦᠷ ᠦᠨ ᠬᠥᠳᠡᠷ ᠦᠨ ᠦᠨ᠎ᠡ 5.3 ᠬᠤᠪᠢ ᠪᠠᠷ ᠥᠰᠴᠦ᠂ ᠲᠣᠨ ᠨᠢ 92.5 ᠳ᠋ᠣᠯᠯᠠᠷ ᠪᠣᠯᠤᠭᠠᠳ ᠪᠠᠶᠢᠨ᠎ᠠ᠃

ᠰᠡᠳᠬᠢᠭᠳᠡᠯ ᠦᠯᠡᠳᠡᠭᠡᠬᠦ