ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠤᠯᠠᠭᠠᠨᠪᠠᠭᠠᠲᠤᠷ ᠲᠤ ᠪᠣᠯᠤᠨ᠎ᠠ | News.MN

ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠤᠯᠠᠭᠠᠨᠪᠠᠭᠠᠲᠤᠷ ᠲᠤ ᠪᠣᠯᠤᠨ᠎ᠠ

ᠮᠣᠩᠭᠣᠯ ᠤᠯᠤᠰ ᠤᠨ ᠵᠠᠰᠠᠭ ᠤᠨ ᠭᠠᠵᠠᠷ ᠤᠨ 337 ᠳ᠋ᠤᠭᠠᠷ ᠲᠣᠭᠲᠠᠭᠠᠯ ᠢᠶᠠᠷ 《ᠤᠯᠠᠭᠠᠨᠪᠠᠭᠠᠲᠤᠷ 2023》 ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠤᠨ ᠵᠣᠬᠢᠶᠠᠨ ᠪᠠᠶᠢᠭᠤᠯᠬᠤ ᠬᠣᠷᠢᠶᠠᠨ ᠤ ᠪᠦᠷᠢᠯᠳᠦᠬᠦᠨ ᠢ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠪᠠᠷ ᠠᠬᠠᠯᠠᠭᠤᠯᠤᠨ ᠪᠠᠶᠢᠭᠤᠯᠤᠭᠰᠠᠨ᠃ ᠡᠨᠡ ᠳᠠᠭᠠᠤ ᠵᠣᠬᠢᠶᠠᠨ ᠪᠠᠶᠢᠭᠤᠯᠬᠤ ᠬᠣᠷᠢᠶ᠎ᠠ ᠠᠩᠬᠠᠨ ᠤ ᠬᠤᠷᠠᠯ ᠢᠶᠠᠨ ᠥᠨᠥᠳᠥᠷ ᠴᠠᠬᠢᠮ ᠢᠶᠠᠷ ᠬᠢᠵᠦ᠂ ᠠᠵᠢᠯᠯᠠᠬᠤ ᠵᠢᠷᠤᠮ᠂ ᠨᠠᠭᠠᠳᠤᠮ ᠤᠨ ᠦᠵᠡᠯ ᠪᠠᠷᠢᠮᠲᠠᠯᠠᠯ ᠵᠡᠷᠭᠡ ᠶᠢ ᠪᠠᠲᠤᠯᠠᠵᠤ᠂ ᠵᠡᠭᠦᠨ ᠠᠽᠢᠶ᠎ᠠ ᠶᠢᠨ ᠣᠯᠢᠮᠫ ᠤᠨ ᠬᠣᠷᠢᠶᠠᠨ ᠳᠤ ᠲᠠᠨᠢᠯᠴᠠᠭᠤᠯᠵᠤ ᠪᠠᠲᠤᠯᠠᠭᠤᠯᠬᠤ ᠪᠠᠷ ᠵᠣᠬᠢᠶᠠᠨ ᠪᠠᠶᠢᠭᠤᠯᠬᠤ ᠬᠣᠷᠢᠶᠠᠨ ᠤ ᠪᠦᠲᠦᠴᠡ᠂ ᠨᠠᠭᠠᠳᠤᠮ ᠤᠨ ᠰᠫᠣᠷᠲ ᠤᠨ ᠲᠥᠷᠥᠯ᠂ ᠬᠤᠭᠤᠴᠠᠭ᠎ᠠ ᠵᠡᠷᠭᠡ ᠶᠢ ᠬᠡᠯᠡᠯᠴᠡᠭᠦᠯᠦᠨ ᠳᠡᠮᠵᠢᠪᠡ᠃
ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠳᠤ ᠶᠠᠫᠣᠨ᠂ ᠬᠢᠲᠠᠳ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠵᠡᠷᠭᠡ ᠤᠯᠤᠰ ᠤᠨ 1500 ᠲᠠᠮᠢᠷᠴᠢᠨ ᠰᠫᠣᠷᠲ ᠤᠨ 12 ᠲᠥᠷᠥᠯ ᠳᠦ 100 ᠪᠠᠭᠴᠠ ᠮᠧᠳᠠᠯ ᠤᠨ ᠲᠥᠷᠥᠯ ᠢᠶᠡᠷ ᠥᠷᠢᠰᠥᠯᠳᠥᠬᠦ ᠪᠣᠯ 900 ᠣᠷᠴᠢᠮ ᠠᠯᠪᠠᠨ ᠤ ᠲᠥᠯᠥᠭᠡᠯᠡᠭᠴᠢ ᠤᠷᠤᠯᠴᠠᠬᠤ ᠶᠤᠮ᠃

ᠰᠡᠳᠬᠢᠭᠳᠡᠯ ᠦᠯᠡᠳᠡᠭᠡᠬᠦ