ᠧᠦ᠋ᠷᠣᠫᠠ ᠶᠢᠨ ᠬᠣᠯᠪᠣᠭ᠎ᠠ 32 ᠲᠥᠰᠥᠯ ᠢ ᠮᠣᠩᠭᠣᠯ ᠤᠯᠤᠰ ᠲᠤ ᠬᠡᠷᠡᠭᠵᠢᠭᠦᠯᠳᠡᠭ | News.MN

ᠧᠦ᠋ᠷᠣᠫᠠ ᠶᠢᠨ ᠬᠣᠯᠪᠣᠭ᠎ᠠ 32 ᠲᠥᠰᠥᠯ ᠢ ᠮᠣᠩᠭᠣᠯ ᠤᠯᠤᠰ ᠲᠤ ᠬᠡᠷᠡᠭᠵᠢᠭᠦᠯᠳᠡᠭ

ᠧᠦ᠋ᠷᠣᠫᠠ ᠶᠢᠨ ᠬᠣᠯᠪᠣᠭᠠᠨ ᠠᠴᠠ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠠᠺᠰᠧᠯ ᠨᠢᠺᠸᠢᠢᠰ ᠢ ᠥᠨᠥᠳᠥᠷ ᠰᠠᠩ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰ∙ᠨᠠᠷᠠᠨᠴᠤᠭᠲᠤ ᠬᠦᠯᠢᠶᠡᠨ ᠠᠪᠴᠤ ᠠᠭᠤᠯᠵᠠᠯ᠎ᠠ᠃ ᠧᠦ᠋ᠷᠣᠫᠠ ᠶᠢᠨ ᠬᠣᠯᠪᠣᠭ᠎ᠠ ᠨᠢ 1993 ᠣᠨ ᠠᠴᠠ ᠮᠣᠩᠭᠣᠯ ᠤᠯᠤᠰ ᠲᠠᠢ ᠬᠥᠭᠵᠢᠯ ᠦᠨ ᠬᠠᠮᠲᠤ ᠶᠢᠨ ᠠᠵᠢᠯᠯᠠᠭ᠎ᠠ ᠶᠢ ᠡᠬᠢᠯᠡᠭᠦᠯᠵᠦ᠂130  ᠊ᠭᠠᠳ ᠰᠠᠶ᠎ᠠ  ᠡᠸᠦ᠋ᠷᠤ᠋ ᠶᠢᠨ ᠰᠠᠩᠬᠦᠦᠵᠢᠯᠲᠡ ᠪᠦᠬᠦᠢ 32 ᠲᠥᠰᠥᠯ᠂ ᠠᠷᠭ᠎ᠠ ᠬᠡᠮᠵᠢᠶ᠎ᠡ ᠶᠢ ᠮᠠᠨᠠᠢ ᠳᠤ ᠬᠡᠷᠡᠭᠵᠢᠭᠦᠯᠵᠦ ᠪᠠᠶᠢᠨ᠎ᠠ᠃
ᠪᠣᠯᠪᠠᠰᠤᠷᠠᠯ᠂ ᠬᠥᠳᠡᠯᠮᠦᠷᠢ ᠡᠷᠬᠢᠯᠡᠯᠲᠡ᠂ ᠡᠳ᠋  ᠦᠨ ᠵᠠᠰᠠᠭ ᠤᠨ ᠬᠦᠷᠲᠡᠭᠡᠮᠵᠢᠲᠡᠢ᠂ ᠲᠣᠭᠲᠠᠪᠤᠷᠢᠲᠠᠢ ᠥᠰᠦᠯᠲᠡ ᠶᠢ ᠳᠡᠮᠵᠢᠬᠦ ᠵᠡᠷᠭᠡ ᠴᠢᠬᠤᠯᠠ ᠰᠠᠯᠪᠤᠷᠢ ᠳᠤ ᠲᠧᠭᠨᠢᠭ ᠦᠨ ᠪᠣᠯᠤᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠢᠷᠡᠭᠰᠡᠨ ᠧᠦ᠋ᠷᠣᠫᠠ ᠶᠢᠨ ᠬᠣᠯᠪᠣᠭᠠᠨ ᠳᠤ ᠰ∙ᠨᠠᠷᠠᠨᠴᠤᠭᠲᠤ ᠲᠠᠯᠠᠷᠬᠠᠯ ᠢᠯᠡᠷᠬᠡᠶᠢᠯᠡᠯ᠎ᠡ᠃ ᠮᠥᠨ ᠰᠢᠨ᠎ᠡ ᠪᠡᠷ ᠲᠣᠮᠢᠯᠠᠭᠳᠠᠨ ᠠᠵᠢᠯᠯᠠᠵᠤ ᠪᠤᠢ ᠡᠯᠴᠢᠨ ᠰᠠᠶᠢᠳ ᠠᠺᠰᠧᠯ ᠨᠢᠺᠸᠢᠢᠰ ᠲᠤ ᠠᠮᠵᠢᠯᠲᠠ ᠬᠦᠰᠡᠵᠦ᠂ ᠰᠠᠩ ᠤᠨ ᠶᠠᠮᠤᠨ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠶᠢᠨ ᠶᠠᠷᠢᠶ᠎ᠠ ᠬᠡᠯᠡᠯᠴᠡᠭᠡ ᠦᠷ᠎ᠡ ᠳ᠋ᠦᠩ ᠲᠡᠢ ᠦᠷᠭᠦᠯᠵᠢᠯᠡᠵᠦ᠂ ᠬᠠᠮᠲᠤ ᠶᠢᠨ ᠠᠵᠢᠯᠯᠠᠭ᠎ᠠ ᠤᠯᠠᠮ ᠥᠷᠭᠡᠵᠢᠨ᠎ᠡ ᠭᠡᠳᠡᠭ ᠲᠦ ᠢᠲᠡᠭᠡᠯ ᠲᠡᠢ ᠪᠠᠶᠢᠭ᠎ᠠ ᠶᠢ ᠣᠨᠴᠠᠯᠠᠯ᠎ᠠ᠃

ᠰᠡᠳᠬᠢᠭᠳᠡᠯ ᠦᠯᠡᠳᠡᠭᠡᠬᠦ