ᠵᠠᠰᠠᠭ ᠤᠨ ᠭᠠᠵᠠᠷ ᠠᠴᠠ ᠭᠠᠷᠭᠠᠵᠤ᠂ ᠣᠯᠠᠨ ᠤᠯᠤᠰ ᠤᠨ ᠬᠥᠷᠥᠩᠭᠡ ᠶᠢᠨ ᠵᠠᠬ᠎ᠠ ᠵᠡᠭᠡᠯᠢ ᠳᠡᠭᠡᠷ᠎ᠡ ᠡᠴᠡ ᠬᠥᠷᠥᠩᠭᠡ ᠪᠣᠰᠬᠠᠭᠰᠠᠨ 《Nomad》᠂《Century》ᠪᠤᠨᠳ᠋ ᠤᠳ ᠤᠨ ᠬᠠᠩᠰᠢ ᠰᠡᠭᠦᠯ ᠦᠨ ᠦᠶ᠎ᠡ ᠳᠦ ᠤᠨᠠᠭᠰᠠᠨ ᠦᠵᠡᠭᠦᠯᠦᠯᠲᠡ ᠲᠡᠢ ᠪᠠᠶᠢᠨ᠎ᠠ᠃ ᠲᠣᠳᠣᠷᠠᠭᠤᠯᠪᠠᠯ᠂ 《Nomad》 ᠪᠤᠨᠳ᠋ ᠬᠣᠶᠠᠳᠤᠭᠠᠷ ᠰᠠᠷ᠎ᠠ ᠶᠢᠨ 26 ᠳᠦ ᠬᠠᠮᠤᠭ ᠤᠨ ᠳᠡᠭᠡᠳᠦ ᠬᠠᠩᠰᠢ ᠦᠵᠡᠭᠦᠯᠦᠭᠰᠡᠨ᠃ ᠡᠭᠦᠨ ᠡᠴᠡ ᠬᠣᠶᠢᠰᠢ ᠲᠠᠰᠤᠷᠠᠯᠲᠠ ᠦᠭᠡᠢ ᠤᠨᠠᠭᠰᠠᠭᠠᠷ ᠪᠠᠶᠢᠭ᠎ᠠ ᠪᠥᠭᠡᠳ ᠥᠨᠥ ᠶᠢᠨ ᠪᠠᠶᠢᠳᠠᠯ ᠢᠶᠠᠷ 103 ᠣᠷᠴᠢᠮ ᠳ᠋ᠣᠯᠯᠠᠷ ᠲᠤ ᠬᠡᠯᠪᠡᠯᠵᠡᠵᠦ ᠪᠠᠶᠢᠨ᠎ᠠ᠃
ᠲᠤᠰ ᠪᠤᠨᠳ᠋ ᠢᠶᠠᠷ《ᠮᠠᠵᠠᠭᠠᠯᠠᠢ》ᠪᠤᠨᠳ᠋ ᠢ ᠳᠠᠬᠢᠨ ᠰᠠᠩᠬᠦᠦᠵᠢᠭᠦᠯᠦᠭᠰᠡᠨ ᠪᠢᠯᠡ᠃ ᠬᠠᠮᠤᠭ ᠤᠨ ᠰᠡᠭᠦᠯ ᠳᠦ ᠠᠷᠠᠯᠵᠢᠶᠠᠯᠠᠭᠳᠠᠭᠰᠠᠨ 《Century》 ᠪᠤᠨᠳ᠋ ᠮᠥᠨ ᠳᠡᠭᠡᠳᠦ ᠬᠠᠩᠰᠢ ᠦᠵᠡᠭᠦᠯᠦᠭᠰᠡᠨ ᠡᠴᠡ ᠪᠡᠨ ᠬᠣᠶᠢᠰᠢ 2.5 ᠣᠷᠴᠢᠮ ᠬᠤᠪᠢ ᠪᠠᠷ ᠤᠨᠠᠵᠤ᠂ 93 ᠣᠷᠴᠢᠮ ᠳ᠋ᠣᠯᠯᠠᠷ ᠲᠤ ᠬᠡᠯᠪᠡᠯᠵᠡᠵᠦ ᠪᠠᠶᠢᠭ᠎ᠠ ᠶᠤᠮ ᠪᠠᠶᠢᠨ᠎ᠠ᠃