50 ᠵᠢᠯ ᠦᠨ ᠳᠠᠷᠠᠭᠠᠬᠢ《ᠰᠢᠪᠡᠭᠡ ᠬᠢᠶᠠᠭᠲᠤ》 | News.MN

50 ᠵᠢᠯ ᠦᠨ ᠳᠠᠷᠠᠭᠠᠬᠢ《ᠰᠢᠪᠡᠭᠡ ᠬᠢᠶᠠᠭᠲᠤ》

ᠢᠷᠡᠭᠡᠳᠦᠢ ᠬᠣᠶᠢᠴᠢ ᠦᠶ᠎ᠡ ᠶᠢᠨ ᠬᠢᠨ ᠳᠦ ᠡᠬᠡ ᠣᠷᠣᠨ᠂ ᠲᠤᠰᠠᠭᠠᠷ ᠲᠣᠭᠲᠠᠨᠢᠯ ᠤᠨ ᠦᠨ᠎ᠡ ᠴᠡᠨ᠎ᠡ ᠶᠢ ᠮᠡᠳᠡᠷᠡᠭᠦᠯᠬᠦ᠂ ᠡᠬᠡ ᠣᠷᠣᠨᠴᠢ ᠦᠵᠡᠯ ᠲᠥᠯᠦᠪᠰᠢᠭᠦᠯᠬᠦ ᠳᠦ ᠲᠡᠦᠬᠡᠨ ᠠᠴᠢ ᠬᠣᠯᠪᠣᠭᠳᠠᠯ ᠲᠠᠢ《ᠰᠢᠪᠡᠭᠡ ᠬᠢᠶᠠᠭᠲᠤ》ᠳᠠᠭᠤᠤᠷᠢ  ᠶᠢ ᠤᠯᠤᠰ ᠲᠤᠩᠬᠠᠭᠯᠠᠭᠰᠠᠨ ᠤ ᠪᠠᠶᠠᠷ ᠤᠨ ᠡᠳᠦᠷ ᠲᠠᠶᠢᠰᠠᠨ᠎ᠠ ᠠᠮᠢᠯᠠᠭᠤᠯᠬᠤ ᠭᠡᠵᠦ ᠪᠠᠶᠢᠨ᠎ᠠ᠃ ᠤᠭ ᠳᠠᠭᠤᠤᠷᠢ ᠠᠩᠬ᠎ᠠ 1971 ᠣᠨ ᠤ ᠠᠷᠪᠠᠨ ᠬᠣᠶᠠᠳᠤᠭᠠᠷ ᠰᠠᠷ᠎ᠠ ᠶᠢᠨ 12  ᠤ ᠡᠳᠦᠷ ᠳᠠᠭᠤᠤᠷᠢ ᠪᠦᠵᠢᠭ ᠦᠨ ᠡᠷᠳᠡᠮ ᠦᠨ ᠲᠢᠶᠠᠲ᠋ᠷ ᠤᠨ ᠲᠠᠶᠢᠰᠠᠨ᠎ᠠ ᠼ∙ᠫᠦᠷᠪᠦᠳᠣᠷᠵᠢ ᠶᠢᠨ ᠨᠠᠶᠢᠷᠠᠭᠤᠯᠭ᠎ᠠ ᠪᠠᠷ ᠲᠣᠭᠯᠠᠭᠳᠠᠵᠤ ᠪᠠᠶᠢᠭᠰᠠᠨ ᠪᠥᠭᠡᠳ 50 ᠵᠢᠯ ᠦᠨ ᠳᠠᠷᠠᠭ᠎ᠠ ᠰᠢᠨᠡᠴᠢᠯᠡᠭᠰᠡᠨ ᠨᠠᠶᠢᠷᠠᠭᠤᠯᠭ᠎ᠠ ᠪᠠᠷ ᠦᠵᠡᠭᠴᠢᠳ ᠦᠨ ᠬᠦᠷᠲᠡᠭᠡᠯ ᠪᠣᠯᠬᠤ ᠭᠡᠵᠦ ᠪᠠᠶᠢᠨ᠎ᠠ᠃ 1921 ᠣᠨ ᠤ ᠠᠷᠠᠳ ᠤᠨ ᠬᠤᠪᠢᠰᠬᠠᠯ ᠤᠨ ᠲᠡᠦᠬᠡᠨ ᠦᠢᠯᠡ ᠶᠠᠪᠤᠳᠠᠯ ᠢ ᠢᠯᠡᠷᠬᠡᠶᠢᠯᠡᠨ ᠮᠥᠩᠬᠡᠯᠡᠭᠰᠡᠨ ᠬᠥᠭᠵᠢᠮ ᠦᠨ ᠡᠨᠡ ᠬᠦ ᠲᠣᠮᠣᠬᠠᠨ ᠪᠦᠲᠦᠭᠡᠯ ᠨᠢ ᠬᠥᠭᠵᠢᠮ ᠦᠨ ᠵᠣᠬᠢᠶᠠᠯᠴᠢ ᠳ∙ᠯᠤᠪᠰᠠᠩᠰᠢᠷᠠᠪ᠂ ᠠᠷᠠᠳ ᠤᠨ ᠤᠷᠠᠨ ᠵᠣᠬᠢᠶᠠᠯᠴᠢ ᠳ∙ᠫᠦᠷᠪᠦᠳᠣᠷᠵᠢ ᠨᠠᠷ ᠤᠨ ᠪᠦᠲᠦᠭᠡᠯ ᠶᠤᠮ᠃

ᠰᠡᠳᠬᠢᠭᠳᠡᠯ ᠦᠯᠡᠳᠡᠭᠡᠬᠦ