2021 ᠣᠨ ᠤ ᠪᠯᠢᠼ᠂ ᠷᠠᠫᠢᠳ᠋ ᠤᠨ ᠳᠡᠯᠡᠬᠡᠢ ᠶᠢᠨ ᠠᠪᠤᠷᠭᠤ ᠶᠢᠨ ᠲᠡᠮᠡᠴᠡᠭᠡᠨ ᠪᠣᠯᠤᠨ᠎ᠠ | News.MN

2021 ᠣᠨ ᠤ ᠪᠯᠢᠼ᠂ ᠷᠠᠫᠢᠳ᠋ ᠤᠨ ᠳᠡᠯᠡᠬᠡᠢ ᠶᠢᠨ ᠠᠪᠤᠷᠭᠤ ᠶᠢᠨ ᠲᠡᠮᠡᠴᠡᠭᠡᠨ ᠪᠣᠯᠤᠨ᠎ᠠ

ᠬᠠᠰᠠᠭᠰᠲ᠋ᠠᠨ ᠤᠯᠤᠰ ᠤᠨ ᠨᠤᠷ-ᠰᠤᠯᠲᠠᠨ ᠬᠤᠲᠠᠨ᠎ᠠ ᠢᠷᠡᠬᠦ ᠰᠠᠷ᠎ᠠ ᠶᠢᠨ 25-31  ᠦ ᠬᠣᠭᠣᠷᠣᠨᠳᠣ ᠡᠨᠡ ᠵᠢᠯ ᠦᠨ ᠪᠯᠢᠼ ᠪᠣᠯᠤᠨ ᠷᠠᠫᠢᠳ᠋ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠵᠣᠬᠢᠶᠠᠨ ᠪᠠᠶᠢᠭᠤᠯᠤᠭᠳᠠᠬᠤ ᠪᠠᠷ ᠪᠣᠯᠵᠠᠢ᠃ ᠲᠤᠰ ᠲᠡᠮᠡᠴᠡᠭᠡᠨ ᠦ ᠬᠣᠶᠠᠷ ᠠᠩᠭᠢᠯᠠᠯ ᠳᠤ ᠡᠷᠡᠭᠲᠡᠢ ᠰᠢᠲᠠᠷᠠᠴᠢᠳ 2550 ᠪᠤᠶᠤ ᠲᠡᠭᠦᠨ ᠡᠴᠡ ᠳᠡᠭᠡᠭᠰᠢ᠂ ᠡᠮᠡᠭᠲᠡᠢ ᠰᠢᠲᠠᠷᠠᠴᠢᠳ 2250 ᠪᠤᠶᠤ ᠲᠡᠭᠦᠨ ᠡᠴᠡ ᠳᠡᠭᠡᠭᠰᠢ ᠲᠣᠬᠢᠶᠠᠯᠳᠤᠯ ᠳᠤ ᠣᠷᠣᠯᠴᠠᠬᠤ ᠪᠣᠯᠤᠮᠵᠢ ᠲᠠᠢ ᠶᠤᠮ ᠪᠠᠶᠢᠨ᠎ᠠ᠃

ᠤᠯᠤᠰ ᠪᠦᠷᠢ ᠶᠢᠨ ᠰᠢᠲᠠᠷ᠎ᠠ ᠶᠢᠨ ᠬᠤᠯᠪᠤᠭ᠎ᠠ ᠳᠤ ᠡᠷᠡᠭᠲᠡᠢ᠂ ᠡᠮᠡᠭᠲᠡᠢ ᠲᠤᠰ ᠪᠦᠷᠢ ᠨᠢᠭᠡ ᠰᠢᠲᠠᠷᠠᠴᠢᠨ ᠳᠤ ᠣᠷᠣᠯᠴᠠᠬᠤ ᠡᠷᠬᠡ ᠣᠯᠭᠤᠳᠠᠭ ᠲᠤᠯᠠ ᠭᠠᠳᠠᠭᠠᠳᠤ ᠴᠢᠨᠰᠠᠭ᠎ᠠ ᠪᠠᠷ ᠡᠬᠢᠨ ᠦ ᠠᠷᠪᠠ ᠳᠤ ᠪᠠᠭᠲᠠᠭᠰᠠᠨ ᠰᠢᠲᠠᠷᠠᠴᠢᠳ ᠤᠨ ᠳᠤᠮᠳᠠ ᠢᠷᠡᠬᠦ ᠰᠠᠷ᠎ᠠ ᠶᠢᠨ 4-5 ᠬᠣᠭᠣᠷᠣᠨᠳᠣ ᠰᠣᠷᠢᠯ ᠲᠡᠮᠡᠴᠡᠭᠡᠨ ᠬᠢᠵᠦ ᠮᠣᠩᠭᠣᠯ ᠤᠯᠤᠰ ᠠᠴᠠ ᠣᠷᠣᠯᠴᠠᠬᠤ ᠲᠠᠮᠢᠷᠴᠢᠳ ᠢ ᠰᠢᠯᠭᠠᠷᠠᠭᠤᠯᠬᠤ ᠶᠤᠮ᠃

ᠰᠡᠳᠬᠢᠭᠳᠡᠯ ᠦᠯᠡᠳᠡᠭᠡᠬᠦ