ᠡᠷᠴᠢᠮ ᠬᠦᠴᠦᠨ ᠦ ᠲᠥᠰᠥᠯ  ᠳᠤ ᠡᠨᠡᠳᠬᠡᠭ ᠤᠯᠤᠰ ᠬᠠᠮᠲᠤᠷᠠᠬᠤ ᠪᠣᠯᠤᠮᠵᠢ ᠨᠡᠭᠡᠭᠡᠯᠲᠡᠲᠡᠢ ᠪᠠᠶᠢᠭ᠎ᠠ ᠶᠢ ᠣᠨᠴᠠᠯᠠᠪᠠ | News.MN

ᠡᠷᠴᠢᠮ ᠬᠦᠴᠦᠨ ᠦ ᠲᠥᠰᠥᠯ  ᠳᠤ ᠡᠨᠡᠳᠬᠡᠭ ᠤᠯᠤᠰ ᠬᠠᠮᠲᠤᠷᠠᠬᠤ ᠪᠣᠯᠤᠮᠵᠢ ᠨᠡᠭᠡᠭᠡᠯᠲᠡᠲᠡᠢ ᠪᠠᠶᠢᠭ᠎ᠠ ᠶᠢ ᠣᠨᠴᠠᠯᠠᠪᠠ

ᠶᠡᠷᠦᠩᠬᠡᠢ ᠰᠠᠶᠢᠳ ᠯ∙ᠤᠶᠤᠡᠡᠷᠳᠡᠨᠢ ᠡᠨᠡᠳᠬᠡᠭ ᠤᠯᠤᠰ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠰᠠᠶᠢᠳ ᠷᠠᠵᠺᠦ᠋ᠮᠠᠷ ᠷᠠᠨᠵᠠᠨ ᠰᠢᠩᠾ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠲᠠᠯ᠎ᠠ ᠨᠤᠭᠤᠳ ᠮᠣᠩᠭᠣᠯ᠂ ᠡᠨᠡᠳᠬᠡᠭ ᠦᠨ ᠰᠲᠷᠠᠲ᠋ᠧᠭᠢ ᠶᠢᠨ ᠲᠦᠩᠰᠢᠯᠡᠯ ᠦᠨ ᠬᠠᠮᠲᠤ ᠶᠢᠨ ᠠᠵᠢᠯᠯᠠᠭᠠᠨ ᠤ ᠪᠡᠯᠭᠡ ᠲᠡᠮᠳᠡᠭ ᠪᠣᠯᠤᠭᠰᠠᠨ ᠭᠠᠵᠠᠷ ᠤᠨ ᠲᠣᠰᠤᠨ ᠤ ᠦᠢᠯᠡᠳᠪᠦᠷᠢ ᠶᠢᠨ ᠠᠵᠢᠯ ᠦᠨ ᠶᠠᠪᠤᠴᠠ᠂ ᠡᠨᠡᠳᠬᠡᠭ ᠤᠯᠤᠰ ᠲᠤ ᠺᠣᠺᠰᠵᠢᠬᠤ ᠨᠡᠭᠦᠷᠡᠰᠦ ᠵᠡᠷᠭᠡ ᠠᠭᠤᠯᠠ ᠠᠭᠤᠷᠬᠠᠢ ᠶᠢᠨ ᠵᠠᠷᠢᠮ ᠪᠠᠷᠠᠭ᠎ᠠ ᠪᠦᠲᠦᠭᠡᠭᠳᠡᠬᠦᠨ ᠢ ᠡᠺᠰᠫᠣᠷᠲᠯᠠᠬᠤ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠪᠠ᠃

ᠯ∙ᠤᠶᠤᠡᠡᠷᠳᠡᠨᠢ ᠪᠣᠭᠣᠮᠲᠠ ᠨᠤᠭᠤᠳ ᠤᠨ ᠬᠦᠴᠦᠨ ᠴᠢᠳᠠᠯ ᠢ ᠨᠡᠮᠡᠬᠦ᠂ ᠲᠡᠭᠡᠭᠡᠪᠦᠷᠢ ᠯᠤᠵᠢᠰᠲ᠋ᠢᠺ ᠤᠨ ᠳᠡᠳ᠋ ᠪᠦᠲᠦᠴᠡ ᠶᠢ ᠰᠠᠶᠢᠵᠢᠷᠠᠭᠤᠯᠬᠤ ᠪᠣᠯᠤᠨ ᠡᠷᠴᠢᠮ ᠬᠦᠴᠦᠨ ᠦ ᠲᠥᠰᠥᠯ ᠦᠳ ᠦᠨ ᠲᠠᠯ᠎ᠠ ᠪᠠᠷ ᠲᠣᠪᠴᠢ ᠲᠠᠨᠢᠯᠴᠠᠭᠤᠯᠵᠤ᠂ ᠡᠳᠡᠭᠡᠷ ᠲᠥᠰᠥᠯ ᠳᠦ ᠡᠨᠡᠳᠬᠡᠭ ᠤᠯᠤᠰ ᠬᠠᠮᠲᠤᠷᠠᠬᠤ ᠪᠣᠯᠤᠮᠵᠢ ᠨᠡᠭᠡᠭᠡᠯᠲᠡᠲᠡᠢ ᠪᠠᠶᠢᠭ᠎ᠠ ᠶᠢ ᠬᠡᠯᠡᠯ᠎ᠡ᠃
ᠷᠠᠵᠺᠦ᠋ᠮᠠᠷ ᠷᠠᠨᠵᠠᠨ ᠰᠢᠩᠾ ᠨᠢ ᠭᠠᠳᠠᠭᠠᠳᠤ ᠬᠠᠷᠢᠯᠴᠠᠭᠠᠨ ᠤ ᠰᠠᠯᠪᠤᠷᠢ ᠠᠴᠠ ᠭᠠᠳᠠᠨ᠎ᠠ ᠪᠣᠯᠪᠠᠰᠤᠷᠠᠯ ᠤᠨ ᠰᠠᠯᠪᠤᠷᠢ ᠶᠢ ᠬᠠᠪᠰᠤᠷᠤᠨ ᠬᠠᠷᠢᠭᠤᠴᠠᠳᠠᠭ ᠲᠥᠷᠥ ᠶᠢᠨ ᠰᠠᠶᠢᠳ ᠲᠤᠯᠠ ᠮᠣᠩᠭᠣᠯ᠂ ᠡᠨᠡᠳᠬᠡᠭ ᠦᠨ ᠪᠣᠯᠪᠠᠰᠤᠷᠠᠯ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠤᠯᠠᠮ ᠥᠷᠭᠡᠵᠢᠭᠦᠯᠬᠦ ᠶᠢᠨ ᠲᠥᠯᠥᠭᠡ ᠪᠠᠶᠢᠭ᠎ᠠ ᠪᠠᠨ ᠲᠡᠮᠳᠡᠭᠯᠡᠯ᠎ᠡ᠃ ᠯ∙ᠤᠶᠤᠡᠡᠷᠳᠡᠨᠢ ᠡᠨᠡᠳᠬᠡᠭ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠪᠡᠷ ᠣᠯᠠᠨ ᠵᠠᠯᠠᠭᠤᠰ ᠲᠤᠰ ᠤᠯᠤᠰ ᠲᠤ ᠪᠣᠯᠪᠠᠰᠤᠷᠠᠯ ᠡᠵᠡᠮᠰᠢᠵᠦ ᠪᠤᠢ ᠳᠤ ᠪᠠᠶᠠᠷ ᠲᠠᠢ ᠪᠠᠶᠢᠭ᠎ᠠ ᠪᠠᠨ ᠢᠯᠡᠷᠬᠡᠶᠢᠯᠡᠵᠦ᠂ ᠴᠢᠨᠠᠭᠰᠢᠳᠠ ᠡᠨᠡ ᠬᠦ ᠬᠥᠲᠥᠯᠪᠦᠷᠢ ᠨᠦᠭᠦᠳ ᠢ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠳᠡᠪᠰᠢᠭᠦᠯᠦᠭᠰᠡᠨ《ᠴᠠᠬᠢᠮ ᠦᠨᠳᠦᠰᠦᠲᠡᠨ》 ᠵᠣᠷᠢᠯᠲᠠ ᠶᠢᠨ ᠬᠦᠷᠢᠶᠡᠨ ᠳᠦ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠳᠤ ᠲᠦᠯᠬᠢᠭᠦᠦ ᠴᠢᠭᠯᠡᠭᠦᠯᠬᠦ ᠰᠣᠨᠢᠷᠬᠠᠯ ᠲᠠᠢ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ