ᠪᠠᠷᠢᠯᠭ᠎ᠠ ᠶᠢᠨ ᠮᠠᠲ᠋ᠧᠷᠢᠶᠠᠯ ᠤᠨ 38 ᠬᠤᠪᠢ ᠶᠢ ᠳᠣᠲᠣᠭᠠᠳᠤ ᠠᠴᠠ ᠬᠠᠩᠭᠠᠵᠤ ᠪᠠᠶᠢᠨ᠎ᠠ | News.MN

ᠪᠠᠷᠢᠯᠭ᠎ᠠ ᠶᠢᠨ ᠮᠠᠲ᠋ᠧᠷᠢᠶᠠᠯ ᠤᠨ 38 ᠬᠤᠪᠢ ᠶᠢ ᠳᠣᠲᠣᠭᠠᠳᠤ ᠠᠴᠠ ᠬᠠᠩᠭᠠᠵᠤ ᠪᠠᠶᠢᠨ᠎ᠠ

ᠮᠠᠨ ᠤ ᠤᠯᠤᠰ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠴᠡᠭᠡᠨ ᠦ ᠪᠡᠨ 38 ᠬᠤᠪᠢ ᠶᠢ ᠳᠣᠲᠣᠭᠠᠳᠤ ᠠᠴᠠ ᠬᠠᠩᠭᠠᠵᠤ᠂ ᠦᠯᠡᠳᠡᠭᠰᠡᠨ ᠢ ᠨᠢ  ᠭᠠᠳᠠᠭᠠᠳᠤ ᠠᠴᠠ ᠠᠪᠴᠤ ᠪᠠᠶᠢᠨ᠎ᠠ᠃ ᠵᠠᠰᠠᠭ ᠤᠨ ᠭᠠᠵᠠᠷ ᠤᠨ ᠮᠥᠷ ᠦᠨ ᠬᠥᠲᠥᠯᠪᠦᠷᠢ ᠳᠦ ᠼᠧᠮᠧᠨᠲ᠂ ᠠᠷᠮᠠᠲ᠋ᠤᠷ︵ ᠪᠠᠷᠢᠯᠭ᠎ᠠ ᠶᠢᠨ ᠲᠡᠮᠦᠷ︶᠂ ᠬᠠᠪᠲᠠᠭᠠᠢ ᠰᠢᠯ ᠵᠡᠷᠭᠡ ᠪᠠᠷᠢᠯᠭ᠎ᠠ ᠶᠢᠨ ᠮᠠᠲ᠋ᠧᠷᠢᠶᠠᠯ ᠤᠨ ᠳᠣᠲᠣᠭᠠᠳᠤ ᠶᠢᠨ ᠦᠢᠯᠡᠳᠪᠦᠷᠢᠯᠡᠯ ᠢ ᠨᠡᠮᠡᠭᠳᠡᠭᠦᠯᠬᠦ ᠲᠠᠯ᠎ᠠ ᠪᠠᠷ ᠲᠤᠰᠬᠠᠭᠰᠠᠨ᠃ ᠤᠳᠤ ᠠᠷᠮᠠᠲ᠋ᠤᠷ  ᠤᠨ 15 ᠦᠢᠯᠡᠳᠪᠦᠷᠢ᠂ ᠼᠧᠮᠧᠨᠲ ᠦᠨ 5 ᠦᠢᠯᠡᠳᠪᠦᠷᠢ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠪᠥᠭᠡᠳ ᠬᠣᠪᠳᠣ ᠠᠶᠢᠮᠠᠭ ᠲᠤ ᠼᠧᠮᠧᠨᠲ ᠦᠨ ᠵᠢᠷᠭᠤᠭᠠᠳᠠᠬᠢ ᠦᠢᠯᠡᠳᠪᠦᠷᠢ  ᠪᠠᠷᠢᠭᠳᠠᠵᠤ ᠪᠠᠢᠨ᠎ᠠ᠃
《ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ᠂ ᠬᠠᠩᠭᠠᠨ ᠨᠡᠢᠯᠡᠭᠦᠯᠦᠯᠲᠡ ᠶᠢᠨ ᠹᠣᠷᠣᠮ-2021》 ᠨᠢ ᠳᠣᠲᠣᠭᠠᠳᠤ ᠠᠴᠠ ᠪᠠᠷᠢᠯᠭ᠎ᠠ ᠶᠢᠨ ᠮᠠᠲ᠋ᠧᠷᠢᠶᠠᠯ ᠢᠶᠠᠨ ᠬᠠᠩᠭᠠᠵᠤ᠂ ᠨᠡᠶᠢᠯᠡᠭᠦᠯᠦᠯᠲᠡ ᠶᠢ ᠨᠡᠮᠡᠭᠳᠡᠭᠦᠯᠬᠦ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠭᠴᠢᠳ ᠦᠨ ᠡᠮᠦᠨ᠎ᠡ ᠲᠤᠯᠭᠠᠮᠳᠠᠭᠰᠠᠨ ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠲᠠᠢ ᠶᠤᠮ᠃

ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠭᠴᠢᠳ ᠦᠨ ᠦᠵᠡᠰᠬᠦᠯᠡᠩ 《ᠬᠣᠩᠬᠣᠷ》 ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠲᠧᠭᠨᠣᠯᠣᠭᠢ ᠶᠢᠨ ᠫᠠᠷᠺ ᠲᠤ ᠪᠣᠯᠵᠤ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠭᠴᠢ ᠦᠨᠳᠦᠰᠦᠨ ᠦ 30 ᠭᠠᠷᠤᠢ ᠪᠠᠶᠢᠭᠤᠯᠤᠯᠭ᠎ᠠ ᠪᠠᠷᠠᠭ᠎ᠠ ᠪᠦᠲᠦᠭᠡᠭᠳᠡᠬᠦᠨ ᠢᠶᠡᠨ ᠳᠡᠯᠭᠡᠨ ᠲᠠᠨᠢᠯᠴᠠᠭᠤᠯᠪᠠ᠃ ᠮᠣᠩᠭᠣᠯ ᠤᠯᠤᠰ ᠳᠣᠲᠣᠭᠠᠳᠤ ᠳᠤ ᠪᠠᠨ ᠪᠠᠷᠢᠯᠭ᠎ᠠ ᠶᠢᠨ ᠦᠨᠳᠦᠰᠦᠨ ᠭᠣᠣᠯ ᠨᠡᠷ᠎ᠡ ᠲᠥᠷᠥᠯ ᠦᠨ 25 ᠪᠦᠲᠦᠭᠡᠭᠳᠡᠬᠦᠨ ᠢ ᠦᠢᠯᠡᠳᠪᠦᠷᠢᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ