ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ  ᠨᠢ ᠵᠦᠢᠲᠡᠢ | News.MN

ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ  ᠨᠢ ᠵᠦᠢᠲᠡᠢ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ᠬᠦᠷᠡᠯᠰᠦ᠋ᠬᠡ ᠮᠣᠩᠭᠣᠯ ᠣᠷᠣᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ  ᠬᠤᠷᠢᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠬᠤ ᠪᠠᠷ ᠬᠦᠷᠦᠯᠴᠡᠨ ᠢᠷᠡᠭᠰᠡᠨ ᠣᠷᠣᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ ᠸ∙ᠸ∙ᠠᠪᠷᠠᠮᠴᠸᠨᠺᠤ ᠶᠢ ᠥᠨᠥᠳᠥᠷ ᠬᠦᠯᠢᠶᠡᠨ ᠠᠪᠴᠤ ᠠᠭᠤᠯᠵᠠᠪᠠ᠃

ᠥᠩᠭᠡᠷᠡᠭᠰᠡᠨ ᠵᠠᠭᠤᠨ ᠳᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠪᠦᠬᠦ ᠰᠠᠯᠪᠤᠷᠢ ᠳᠤ ᠢᠳᠡᠪᠬᠢᠲᠡᠢ ᠥᠷᠨᠢᠵᠦ᠂ ᠠᠮᠵᠢᠯᠲᠠ ᠪᠦᠲᠦᠭᠡᠯ ᠢᠶᠡᠷ ᠠᠷᠪᠢᠨ ᠪᠠᠶᠢᠭᠰᠠᠨ ᠢ ᠶᠡᠷᠦᠩᠬᠡᠶᠢᠯᠡᠭᠴᠢ ᠤ᠊ ∙ᠬᠦᠷᠡᠯᠰᠦ᠋ᠬᠡ ᠬᠡᠯᠡᠯ᠎ᠡ᠃ ᠰᠢᠨ᠎ᠡ ᠵᠠᠭᠤᠨ ᠳᠤ ᠬᠠᠮᠲᠤ ᠶᠢᠨ ᠠᠵᠢᠯᠯᠠᠭ᠎ᠠ ᠶᠢ ᠬᠠᠷᠢᠯᠴᠠᠨ ᠠᠰᠢᠭ ᠲᠠᠢ ᠪᠠᠶᠢᠬᠤ ᠵᠠᠷᠴᠢᠮ᠂ ᠰᠢᠨ᠎ᠡ ᠠᠭᠤᠯᠭ᠎ᠠ ᠪᠠᠷ ᠪᠠᠶᠠᠵᠢᠭᠤᠯᠤᠨ ᠬᠥᠭᠵᠢᠭᠦᠯᠬᠦ᠂ ᠢᠯᠠᠩᠭᠤᠶ᠎ᠠ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ ᠶᠢᠨ ᠲᠥᠯᠥᠭᠡ ᠬᠣᠶᠠᠷ ᠲᠠᠯ᠎ᠠ ᠢᠳᠡᠪᠬᠢᠲᠡᠢ ᠠᠵᠢᠯᠯᠠᠬᠤ ᠨᠢ ᠵᠦᠢᠲᠡᠢ ᠭᠡᠵᠦ ᠦᠵᠡᠳᠡᠭ ᠢᠶᠡᠨ ᠢᠯᠡᠷᠬᠡᠶᠢᠯᠡᠪᠡ᠃

ᠬᠦᠯᠢᠶᠡᠨ ᠠᠪᠴᠤ ᠠᠭᠤᠯᠵᠠᠭᠰᠠᠨ ᠳᠤ ᠨᠢ ᠣᠷᠣᠰ ᠦᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ ᠸ∙ᠸ∙ᠠᠪᠷᠠᠮᠴᠸᠨᠺᠤ ᠶᠡᠷᠦᠩᠬᠡᠶᠢᠯᠡᠭᠴᠢ ᠤ᠊∙ᠬᠦᠷᠡᠯᠰᠦ᠋ᠬᠡ ᠳᠦ ᠲᠠᠯᠠᠷᠬᠠᠯ ᠢᠯᠡᠷᠬᠡᠶᠢᠯᠡᠯ᠎ᠡ᠃ ᠮᠥᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯᠳᠤᠭᠠᠨ ᠢᠶᠠᠷ ᠲᠣᠬᠢᠷᠠᠯᠴᠠᠭᠰᠠᠨ ᠲᠣᠮᠣᠬᠠᠨ ᠠᠰᠠᠭᠤᠳᠠᠯ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠣᠷᠣᠰ ᠬᠣᠯᠪᠣᠭᠠᠨ ᠤ ᠤᠯᠤᠰ ᠳᠦ ᠬᠢᠬᠦ ᠠᠶᠢᠯᠴᠢᠯᠠᠯ ᠤᠨ ᠪᠡᠯᠡᠳᠬᠡᠯ ᠢ ᠬᠠᠩᠭᠠᠬᠤ ᠴᠢᠭᠯᠡᠯ ᠢᠶᠡᠷ ᠣᠷᠣᠰ ᠤᠨ ᠲᠠᠯ᠎ᠠ ᠠᠴᠠ ᠠᠪᠴᠤ ᠪᠤᠢ ᠠᠷᠭ᠎ᠠ ᠬᠡᠮᠵᠢᠶᠡᠨ ᠦ ᠲᠠᠯ᠎ᠠ ᠪᠠᠷ ᠮᠡᠳᠡᠭᠡᠯᠡᠪᠡ᠃

ᠰᠡᠳᠬᠢᠭᠳᠡᠯ ᠦᠯᠡᠳᠡᠭᠡᠬᠦ