ᠬᠦᠭᠡᠮᠢ ᠰᠤᠳᠤᠯᠳᠠᠭ ᠹᠷᠠᠨᠼᠢ ᠡᠷᠳᠡᠮᠲᠡᠨ ᠢ ᠱᠠᠩᠨᠠᠪᠠ | News.MN

ᠬᠦᠭᠡᠮᠢ ᠰᠤᠳᠤᠯᠳᠠᠭ ᠹᠷᠠᠨᠼᠢ ᠡᠷᠳᠡᠮᠲᠡᠨ ᠢ ᠱᠠᠩᠨᠠᠪᠠ

ᠤᠭᠰᠠᠭᠠᠲᠠᠨ ᠤ ᠬᠥᠭᠵᠢᠮ ᠰᠤᠳᠤᠯᠤᠯ ᠤᠨ ᠳ᠋ᠣᠺᠲ᠋ᠣᠷ᠂ ᠬᠦᠭᠡᠮᠢ ᠰᠤᠳᠤᠯᠤᠭᠠᠴᠢ ᠵᠢᠶᠤᠨᠨᠢ ᠺᠢᠦᠷᠲᠸ ᠢ ᠮᠣᠩᠭᠣᠯ ᠰᠤᠳᠤᠯᠤᠯ ᠢ ᠬᠥᠭᠵᠢᠭᠦᠯᠬᠦ᠂ ᠮᠣᠩᠭᠣᠯ ᠤᠨ ᠥᠪ ᠰᠤᠶᠤᠯ ᠢ ᠲᠦᠭᠡᠭᠡᠨ ᠳᠡᠯᠭᠡᠷᠡᠭᠦᠯᠬᠦ ᠳᠦ ᠣᠷᠣᠭᠤᠯᠵᠤ ᠪᠤᠢ ᠦᠨᠡᠲᠡᠢ ᠬᠤᠪᠢ ᠨᠡᠮᠡᠷᠢ ᠶᠢ ᠨᠢ ᠦᠨᠡᠯᠡᠵᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠶᠢᠨ ᠵᠠᠷᠯᠢᠭ ᠢᠶᠠᠷ ᠲᠥᠷᠥ ᠶᠢᠨ《ᠨᠠᠶᠢᠷᠠᠮᠳᠠᠯ》ᠮᠧᠳᠠᠯ ᠢᠶᠠᠷ ᠱᠠᠩᠨᠠᠵᠠᠢ᠃
ᠪᠦᠭᠦᠳᠡ ᠨᠠᠶᠢᠷᠠᠮᠳᠠᠬᠤ ᠹᠷᠠᠨᠼᠢ ᠤᠯᠤᠰ ᠲᠤ ᠰᠠᠭᠤᠭ᠎ᠠ ᠡᠯᠴᠢᠨ ᠰᠠᠶᠢᠳ ᠤ᠊∙ᠨᠢᠮᠠᠬᠦᠦ ᠫᠠᠷᠢᠰ  ᠬᠤᠲᠠᠨ᠎ᠠ ᠡᠨᠡ ᠰᠠᠷ᠎ᠠ ᠶᠢᠨ 22  ᠤ ᠡᠳᠦᠷ ᠲᠡᠭᠦᠨ ᠳᠦ ᠱᠠᠩᠨᠠᠯ ᠢ ᠨᠢ ᠭᠠᠷᠳᠠᠭᠤᠯᠪᠠ᠃ ᠰᠤᠶᠤᠯ ᠤᠨ ᠰᠠᠶᠢᠳ ᠴ∙ᠨᠣᠮᠢᠨ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠤᠶᠤᠯ᠂ ᠱᠠᠰᠢᠨ ᠤ ᠪᠣᠳᠣᠯᠭ᠎ᠠ ᠶᠢᠨ ᠵᠥᠪᠯᠡᠬᠦ ᠳ ∙ ᠪᠤᠮᠸᠴᠢᠷ ᠵᠡᠷᠭᠡ ᠠᠯᠪᠠᠨ ᠤ ᠬᠦᠮᠦᠰ ᠡᠴᠡ ᠭᠠᠳᠠᠨ᠎ᠠ᠂ ᠮᠣᠩᠭᠣᠯ ᠰᠤᠳᠤᠯᠤᠭᠠᠴᠢ ᠹᠷᠠᠨᠼᠢ ᠡᠷᠳᠡᠮᠲᠡᠳ ᠦᠨ ᠲᠥᠯᠥᠭᠡᠯᠡᠯ᠂ ᠮᠣᠩᠭᠣᠯ ᠲᠥᠷᠥ ᠶᠢᠨ ᠣᠳᠣᠨ ᠮᠧᠳᠠᠯ ᠬᠦᠷᠲᠡᠭᠰᠡᠨ ᠬᠦᠮᠦᠰ ᠶᠣᠰᠣᠯᠠᠯ ᠳᠤ ᠣᠷᠣᠯᠴᠠᠵᠠᠢ᠃

ᠰᠡᠳᠬᠢᠭᠳᠡᠯ ᠦᠯᠡᠳᠡᠭᠡᠬᠦ