ᠠ᠊ ∙ᠡᠩᠬᠡᠲᠤᠤᠯᠠ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠳᠡᠳ᠋ ᠶᠡᠷᠦᠩᠬᠡᠶᠢᠯᠡᠭᠴᠢ ᠪᠣᠯᠤᠯ᠎ᠠ | News.MN

ᠠ᠊ ∙ᠡᠩᠬᠡᠲᠤᠤᠯᠠ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠳᠡᠳ᠋ ᠶᠡᠷᠦᠩᠬᠡᠶᠢᠯᠡᠭᠴᠢ ᠪᠣᠯᠤᠯ᠎ᠠ

ᠶᠡᠬᠡ ᠮᠠᠰᠲ᠋ᠸᠷ ᠠ᠊∙ᠡᠩᠬᠡᠲᠤᠤᠯᠠ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠤᠶᠤ ᠭᠦᠢᠴᠡᠳᠭᠡᠬᠦ ᠵᠠᠬᠢᠷᠤᠯ ᠤᠨ ᠠᠵᠢᠯ ᠠᠴᠠ ᠪᠠᠨ ᠠᠯᠪᠠᠨ ᠶᠣᠰᠣᠭᠠᠷ ᠥᠴᠥᠭᠡᠳᠦᠷ ᠴᠢᠯᠦᠭᠡᠯᠡᠭᠳᠡᠵᠦ᠂ ᠲᠤᠰ ᠬᠣᠯᠪᠣᠭᠠᠨ ᠤ ᠳᠡᠳ᠋ ᠶᠡᠷᠦᠩᠬᠡᠶᠢᠯᠡᠭᠴᠢ ᠪᠡᠷ ᠠᠵᠢᠯᠯᠠᠬᠤ ᠪᠠᠷ ᠪᠣᠯᠤᠭᠰᠠᠨ ᠪᠠᠶᠢᠨ᠎ᠠ᠃ ᠲᠡᠷᠡ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠦᠢᠯᠡ ᠠᠵᠢᠯᠯᠠᠭᠠᠨ ᠳᠤ ᠵᠣᠷᠢᠭᠤᠯᠤᠨ ᠲᠠᠪᠤᠨ ᠰᠠᠶ᠎ᠠ ᠲᠥᠭᠥᠷᠢᠭ ᠬᠠᠨᠳᠢᠪᠯᠠᠵᠠᠢ᠃
ᠲᠡᠷᠡ᠄ ᠮᠢᠨᠦ ᠪᠡᠶ᠎ᠡ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠴᠠ ᠥᠨᠥᠳᠥᠷ ᠡᠴᠡ ᠡᠬᠢᠯᠡᠨ ᠴᠢᠯᠦᠭᠡᠯᠡᠭᠳᠡᠯ᠎ᠡ᠃ ᠴᠢᠨᠠᠭᠰᠢᠳᠠ ᠬᠠᠶᠢᠷᠠᠲᠠᠢ ᠰᠫᠣᠷᠲ ᠤᠨ ᠢᠶᠠᠨ ᠬᠥᠭᠵᠢᠯ ᠦᠨ ᠲᠥᠯᠥᠭᠡ ᠴᠢᠳᠠᠬᠤ᠂ ᠮᠡᠳᠡᠬᠦ ᠪᠦᠬᠦᠨ ᠢᠶᠡᠨ ᠳᠠᠶᠢᠴᠢᠯᠠᠨ ᠬᠢᠴᠢᠶᠡᠬᠦ ᠪᠣᠯᠤᠨ᠎ᠠ᠃ ᠬᠢᠴᠢᠶᠡᠭᠰᠡᠭᠡᠷ ᠴᠤ ᠢᠷᠡᠭᠰᠡᠨ ᠪᠢᠯᠡ ᠭᠡᠵᠡᠢ᠃ ᠠ᠊∙ᠡᠩᠬᠡᠲᠤᠤᠯᠠ 2018 ᠣᠨ ᠳᠤ ᠤᠯᠠᠭᠠᠨᠪᠠᠭᠠᠲᠤᠷ ᠬᠤᠲᠠᠨ᠎ᠠ 《 ᠡᠯᠢᠲ ᠪᠷᠠᠢᠨ》 ᠣᠯᠠᠨ ᠤᠯᠤᠰ ᠤᠨ ᠰᠢᠲᠠᠷ᠎ᠠ ᠶᠢᠨ ᠠᠺᠠᠳᠧᠮᠢ ᠶᠢ ᠡᠭᠦᠰᠬᠡᠨ ᠪᠠᠶᠢᠭᠤᠯᠵᠤ᠂ 2020 ᠣᠨ ᠳᠤ ᠳᠡᠯᠡᠬᠡᠢ ᠶᠢᠨ ᠰᠢᠲᠠᠷ᠎ᠠ ᠶᠢᠨ ᠬᠣᠯᠪᠣᠭᠠᠨ ᠤ ᠳᠠᠰᠬᠠᠯᠵᠢᠭᠤᠯᠤᠭᠴᠢ ᠬᠡᠮᠡᠬᠦ ᠴᠣᠯᠠᠨ ᠤ ᠪᠣᠯᠵᠣᠯ ᠢ ᠬᠠᠩᠭᠠᠵᠠᠢ᠃

ᠰᠡᠳᠬᠢᠭᠳᠡᠯ ᠦᠯᠡᠳᠡᠭᠡᠬᠦ