ᠲᠤᠶ᠋ᠢᠯᠵᠠᠭᠤᠷ ᠰᠡᠯᠡᠮ᠎ᠡ ᠶᠢᠨ ᠵᠡᠭᠦᠨ ᠠᠽᠢᠶ᠎ᠠ ᠶᠢᠨ ᠪᠥᠰᠡ ᠶᠢᠨ ᠵᠠᠬᠢᠷᠤᠯ ᠢᠶᠠᠷ ᠳ∙ᠭᠠᠩᠪᠠᠭᠠᠲᠤᠷ ᠢ ᠲᠤᠮᠢᠯᠠᠪᠠ | News.MN

ᠲᠤᠶ᠋ᠢᠯᠵᠠᠭᠤᠷ ᠰᠡᠯᠡᠮ᠎ᠡ ᠶᠢᠨ ᠵᠡᠭᠦᠨ ᠠᠽᠢᠶ᠎ᠠ ᠶᠢᠨ ᠪᠥᠰᠡ ᠶᠢᠨ ᠵᠠᠬᠢᠷᠤᠯ ᠢᠶᠠᠷ ᠳ∙ᠭᠠᠩᠪᠠᠭᠠᠲᠤᠷ ᠢ ᠲᠤᠮᠢᠯᠠᠪᠠ

ᠮᠣᠩᠭᠣᠯ ᠤᠨ ᠲᠤᠶ᠋ᠢᠯᠵᠠᠭᠤᠷ ᠰᠡᠯᠡᠮ᠎ᠡ ᠶᠢᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠳ∙ᠭᠠᠩᠪᠠᠭᠠᠲᠤᠷ ᠵᠡᠭᠦᠨ ᠠᠽᠢᠶ᠎ᠠ ᠶᠢᠨ ᠪᠥᠰᠡ ᠶᠢᠨ ᠵᠠᠬᠢᠷᠤᠯ ᠪᠣᠯᠤᠭᠰᠠᠨ ᠪᠠᠶᠢᠨ᠎ᠠ᠃ ᠠᠽᠢᠶ᠎ᠠ ᠶᠢᠨ ᠲᠤᠶ᠋ᠢᠯᠵᠠᠭᠤᠷ ᠰᠡᠯᠡᠮ᠎ᠡ ᠶᠢᠨ ᠬᠣᠯᠪᠣᠭᠠᠨ ᠤ ᠶᠡᠷᠦᠩᠬᠡᠢ ᠠᠰᠰᠠᠮᠪᠯᠧᠢ 2021 ᠣᠨ ᠤ 10 ᠳ᠋ᠤᠭᠠᠷ ᠰᠠᠷ᠎ᠠ ᠳᠤ ᠲᠠᠱᠺᠧᠨᠲ ᠬᠤᠲᠠᠨ᠎ᠠ ᠪᠣᠯᠵᠤ᠂ ᠰᠢᠨ᠎ᠡ ᠶᠡᠷᠦᠩᠬᠡᠶᠢᠯᠡᠭᠴᠢ᠂ ᠤᠳᠤᠷᠢᠳᠬᠤ ᠵᠥᠪᠯᠡᠯ᠂ ᠺᠣᠮᠢᠰ ᠤᠨ ᠭᠡᠰᠢᠭᠦᠳ ᠢ ᠰᠣᠩᠭᠣᠭᠰᠠᠨ ᠪᠢᠯᠡ᠃ ᠰᠢᠨ᠎ᠡ ᠶᠡᠷᠦᠩᠬᠡᠶᠢᠯᠡᠭᠴᠢ ᠪᠡᠷ ᠨᠢ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ  ᠱᠠᠾ᠂ ᠡᠮᠢᠷᠠᠲ ᠤᠨ ᠰᠡᠯᠡᠮ᠎ᠡ ᠶᠢᠨ ᠬᠣᠯᠪᠣᠭᠠᠨ ᠤ ᠶᠡᠷᠦᠩᠬᠡᠶᠢᠯᠡᠭᠴᠢ ᠰᠠᠯᠧᠮ  ᠪᠢᠨ ᠰᠤᠯᠲᠠᠨ  ᠠᠯᠺᠤᠸᠠᠰᠢᠮᠢᠨ ᠰᠣᠩᠭᠣᠭᠳᠠᠭᠰᠠᠨ ᠶᠤᠮ᠃
ᠵᠡᠭᠦᠨ ᠠᠽᠢᠶ᠎ᠠ ᠶᠢᠨ ᠪᠥᠰᠡ ᠳᠦ ᠬᠢᠲᠠᠳ᠂ ᠰᠣᠯᠣᠩᠭᠣᠰ᠂ ᠶᠠᠫᠣᠨ᠂ ᠬᠣᠩᠺᠣᠩ᠂ ᠮᠠᠺᠤ ᠤᠯᠤᠰ ᠤᠳ ᠪᠠᠭᠲᠠᠵᠤ ᠪᠠᠶᠢᠨ᠎ᠠ᠃ ᠮᠣᠩᠭᠣᠯ ᠤᠨ ᠲᠤᠶ᠋ᠢᠯᠵᠠᠭᠤᠷ ᠰᠡᠯᠡᠮ᠎ᠡ ᠶᠢᠨ ᠬᠤᠯᠪᠤᠭ᠎ᠠ ᠡᠨᠡ ᠬᠦ ᠥᠨᠳᠥᠷ ᠬᠠᠷᠢᠭᠤᠴᠠᠯᠭ᠎ᠠ ᠲᠠᠢ ᠠᠯᠪᠠᠨ ᠳᠤ ᠠᠩᠬ᠎ᠠ ᠲᠣᠮᠢᠯᠠᠭᠳᠠᠵᠤ ᠪᠠᠶᠢᠭ᠎ᠠ ᠪᠥᠭᠡᠳ ᠲᠤᠶ᠋ᠢᠯᠵᠠᠭᠤᠷ ᠰᠡᠯᠡᠮ᠎ᠡ ᠶᠢᠨ ᠭᠠᠳᠠᠭᠠᠳᠤ ᠬᠠᠷᠢᠯᠴᠠᠭ᠎ᠠ ᠶᠢ ᠰᠢᠨ᠎ᠡ ᠲᠦᠪᠰᠢᠨ ᠳᠦ ᠬᠥᠭᠵᠢᠭᠦᠯᠵᠦ᠂ ᠮᠣᠩᠭᠣᠯ ᠤᠯᠤᠰ ᠤᠨ ᠨᠡᠷ᠎ᠡ ᠶᠢ ᠣᠯᠠᠨ ᠤᠯᠤᠰ ᠲᠤ ᠰᠤᠷᠲᠠᠯᠴᠢᠯᠠᠬᠤ ᠪᠣᠯᠤᠮᠵᠢ ᠨᠡᠮᠡᠭᠳᠡᠵᠦ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ