ᠮᠣᠩᠭᠣᠯ ᠤᠨ ᠵᠣᠬᠢᠶᠠᠯᠴᠢᠳ ᠤᠨ ᠡᠪᠯᠡᠯ ᠡᠴᠡ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠵᠤ᠂ ᠣᠨ ᠤ ᠰᠢᠯᠢᠳᠡᠭ ᠢᠷᠠᠭᠤ ᠨᠠᠶᠢᠷᠠᠭᠴᠢ ᠶᠢ ᠲᠣᠳᠣᠷᠠᠭᠤᠯᠳᠠᠭ《ᠪᠣᠯᠣᠷ ᠴᠣᠮᠣ》ᠨᠠᠭᠠᠳᠤᠮ ᠳᠤ ᠤᠷᠤᠯᠴᠠᠬᠤ ᠰᠢᠯᠦᠭ ᠦᠳ ᠢ ᠥᠴᠥᠭᠡᠳᠦᠷ ᠡᠴᠡ ᠠᠪᠴᠤ ᠡᠬᠢᠯᠡᠯ᠎ᠡ᠃ ᠲᠤᠰ ᠨᠠᠭᠠᠳᠤᠮ ᠳᠤ ᠤᠷᠤᠯᠴᠠᠬᠤ ᠰᠢᠯᠦᠭ ᠢ ᠡᠨᠡ ᠰᠠᠷ᠎ᠠ ᠶᠢᠨ 24 ᠳᠠᠭᠤᠰᠲᠠᠯ᠎ᠠ ᠮᠣᠩᠭᠣᠯ ᠤᠨ ᠵᠣᠬᠢᠶᠠᠯᠴᠢᠳ ᠤᠨ ᠡᠪᠯᠡᠯ ᠦᠨ 206 ᠲᠣᠭᠠᠲᠤ ᠥᠷᠥᠭᠡᠨ ᠳᠦ ᠬᠦᠯᠢᠶᠡᠨ ᠠᠪᠬᠤ ᠶᠤᠮ᠃ ᠰᠢᠯᠦᠭ ᠨᠢ ᠤᠷᠢᠳ ᠡᠮᠦᠨ᠎ᠡ ᠨᠠᠭᠠᠳᠤᠮ ᠳᠤ ᠤᠩᠰᠢᠭᠳᠠᠭᠠ ᠦᠭᠡᠢ᠂ ᠨᠤᠮ ᠳᠤ ᠬᠡᠪᠯᠡᠭᠳᠡᠭᠡ ᠦᠭᠡᠢ᠂ ᠰᠢᠨ᠎ᠡ ᠪᠦᠲᠦᠭᠡᠯ ᠪᠠᠶᠢᠬᠤ ᠶᠣᠰᠣᠲᠠᠢ ᠶᠤᠮ ᠪᠠᠶᠢᠨ᠎ᠠ᠃
ᠨᠢᠳᠤᠨᠤᠨ ᠤ《ᠪᠣᠯᠣᠷ ᠴᠣᠮᠣ》ᠨᠠᠭᠠᠳᠤᠮ ᠤᠨ ᠲᠡᠷᠢᠭᠦᠨ ᠪᠠᠶᠢᠷᠢᠨ ᠳᠤ ᠮᠣᠩᠭᠣᠯ ᠤᠨ ᠦᠨᠳᠦᠰᠦᠨ ᠦ ᠣᠯᠠᠨ ᠨᠡᠶᠢᠲᠡ ᠶᠢᠨ ᠷᠠᠳᠢᠣ᠋ ᠶᠢᠨ ᠷᠧᠳᠠᠺᠲᠣᠷ᠂ ᠢᠷᠠᠭᠤ ᠨᠠᠶᠢᠷᠠᠭᠴᠢ ᠣ᠊ ∙ ᠴᠡᠨᠳᠡ-ᠠᠶᠤᠱᠢ 《ᠴᠠᠰᠤᠨ ᠰᠢᠭᠤᠷᠭ᠎ᠠ》 ᠰᠢᠯᠦᠭ ᠢᠶᠡᠷ ᠢᠶᠡᠨ ᠲᠡᠷᠢᠭᠦᠯᠡᠭᠰᠡᠨ ᠪᠢᠯᠡ᠃ ᠳᠠᠰᠢᠷᠠᠮ ᠳᠤ ᠳᠤᠷᠠᠳᠬᠤ ᠳᠤ᠂ ᠠᠷᠠᠳ ᠤᠨ ᠤᠷᠠᠨ ᠵᠣᠬᠢᠶᠠᠯᠴᠢ ᠳ∙ᠫᠦᠷᠪᠦᠳᠣᠷᠵᠢ ᠠᠭᠰᠠᠨ ᠤ ᠰᠠᠨᠠᠭᠠᠴᠢᠯᠠᠭ᠎ᠠ ᠪᠠᠷ 1983 ᠣᠨ ᠤ ᠠᠷᠪᠠᠨ ᠬᠣᠶᠠᠳᠤᠭᠠᠷ ᠰᠠᠷ᠎ᠠ ᠳᠤ ᠠᠩᠬᠠᠨ ᠤ《ᠪᠣᠯᠣᠷ ᠴᠣᠮᠣ》ᠨᠠᠭᠠᠳᠤᠮ ᠵᠣᠬᠢᠶᠠᠨ ᠪᠠᠶᠢᠭᠤᠯᠤᠭᠳᠠᠭᠰᠠᠨ ᠲᠡᠦᠬᠡ ᠲᠡᠢ᠃