ᠨᠡᠶᠢᠲᠡ ᠨᠤᠲᠤᠭ ᠤᠨ 46.7 ᠬᠤᠪᠢ ᠨᠢ ᠴᠠᠰᠤ ᠲᠠᠢ ᠪᠠᠶᠢᠨ᠎ᠠ | News.MN

ᠨᠡᠶᠢᠲᠡ ᠨᠤᠲᠤᠭ ᠤᠨ 46.7 ᠬᠤᠪᠢ ᠨᠢ ᠴᠠᠰᠤ ᠲᠠᠢ ᠪᠠᠶᠢᠨ᠎ᠠ

ᠬᠢᠮᠡᠯ ᠳᠠᠭᠠᠭᠤᠯᠢ ᠠᠴᠠ ᠠᠪᠤᠭᠰᠠᠨ ᠮᠡᠳᠡᠭᠡᠯᠡᠯ ᠢᠶᠡᠷ ᠠᠷᠪᠠᠨ ᠨᠢᠭᠡᠳᠦᠭᠡᠷ ᠰᠠᠷ᠎ᠠ ᠶᠢᠨ 30  ᠤ ᠡᠳᠦᠷ ᠦᠨ ᠪᠠᠶᠢᠳᠠᠯ ᠢᠶᠠᠷ ᠮᠣᠩᠭᠣᠯ ᠣᠷᠣᠨ ᠤ ᠨᠡᠶᠢᠲᠡ ᠨᠤᠲᠤᠭ ᠤᠨ 46.7 ᠬᠤᠪᠢ ᠨᠢ ᠴᠠᠰᠤ ᠲᠠᠢ᠂ 58.2 ᠬᠤᠪᠢ ᠨᠢ ᠴᠠᠰᠤ ᠦᠭᠡᠢ ᠪᠠᠶᠢᠨ᠎ᠠ᠃
ᠮᠥᠨ ᠴᠠᠭ ᠠᠭᠤᠷ ᠤᠨ ᠥᠷᠲᠡᠭᠡ᠂ ᠬᠠᠷᠠᠭᠤᠯ ᠤᠨ ᠴᠠᠰᠤᠨ ᠤ ᠵᠤᠵᠠᠭᠠᠨ ᠤ ᠮᠡᠳᠡᠭᠡ ᠪᠡᠷ ᠨᠤᠲᠤᠭ ᠤᠨ ᠬᠤᠢᠳᠤ ᠬᠡᠰᠡᠭ ᠢᠶᠡᠷ 1-24 ᠰᠠᠨᠲ᠋ᠢᠮᠧᠲ᠋ᠷ ᠵᠤᠵᠠᠭᠠᠨ ᠴᠠᠰᠤᠨ ᠪᠦᠷᠬᠦᠭᠦᠯ ᠲᠣᠭᠲᠠᠵᠠᠢ᠃ ᠡᠭᠦᠨ ᠦ ᠬᠠᠮᠤᠭ ᠤᠨ ᠶᠡᠬᠡ ᠨᠢ ᠤᠪᠰᠤ ᠶᠢᠨ ᠮᠠᠯᠴᠢᠨ ᠳᠤ 24 ᠰᠠᠨᠲ᠋ᠢᠮᠧᠲ᠋ᠷ᠂ ᠬᠢᠷᠭᠠᠰ 10 ᠰᠠᠨᠲ᠋ᠢᠮᠧᠲ᠋ᠷ᠂ ᠪᠠᠶᠠᠨ-ᠥᠯᠥᠭᠡᠢ ᠶᠢᠨ ᠳᠠᠶᠠᠩ ᠳᠤ 15 ᠰᠠᠨᠲ᠋ᠢᠮᠧᠲ᠋ᠷ᠂ ᠪᠠᠶᠠᠨᠬᠣᠩᠭᠣᠷ ᠲᠤ 12 ᠰᠠᠨᠲ᠋ᠢᠮᠧᠲ᠋ᠷ᠂ ᠬᠥᠪᠰᠥᠭᠥᠯ ᠦᠨ ᠴᠢᠨᠳᠠᠭᠠᠲᠤ ᠳᠤ 9 ᠰᠠᠨᠲ᠋ᠢᠮᠧᠲ᠋ᠷ᠂ ᠪᠤᠰᠤᠳ ᠬᠡᠰᠡᠭ ᠢᠶᠡᠷ 1-8 ᠰᠠᠨᠲ᠋ᠢᠮᠧᠲ᠋ᠷ ᠵᠤᠵᠠᠭᠠᠨ ᠪᠠᠶᠢᠨ᠎ᠠ ᠭᠡᠵᠦ ᠤᠨᠴᠠᠭᠠᠢ ᠪᠠᠢᠳᠠᠯ ᠤᠨ ᠶᠡᠷᠦᠩᠬᠡᠢ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ