ᠤᠯᠤᠰ ᠤᠨ ᠶᠡᠬᠡ ᠬᠤᠷᠠᠯ ᠤᠨ ᠭᠡᠰᠢᠭᠦᠨ ᠴ∙ᠤᠨᠳᠤᠷᠤᠮ᠎ᠠ ᠶᠢ ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠡᠮᠡᠭᠲᠡᠢ ᠫᠠᠷᠯᠠᠮᠸᠨᠲᠴᠢᠳ ᠤᠨ ᠤᠳᠤᠷᠢᠳᠬᠤ ᠲᠣᠪᠴᠢᠶᠠᠨ ᠤ ᠭᠡᠰᠢᠭᠦᠨ ᠢᠶᠡᠷ ᠰᠣᠩᠭᠣᠭᠰᠠᠨ ᠪᠠᠶᠢᠨ᠎ᠠ᠃ ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ 143 ᠳ᠋ᠤᠭᠠᠷ ᠴᠢᠭᠤᠯᠭᠠᠨ ᠢᠰᠫᠠᠨᠢ ᠶᠢᠨ ᠸᠠᠩᠲᠤ ᠤᠯᠤᠰ ᠲᠤ ᠪᠣᠯᠵᠤ ᠪᠠᠶᠢᠭ᠎ᠠ ᠶᠤᠮ᠃
ᠴ∙ᠤᠨᠳᠤᠷᠤᠮ᠎ᠠ ᠶᠢᠨ ᠨᠡᠶᠢᠭᠡᠮ ᠤᠨ ᠰᠠᠶᠢᠨ ᠰᠠᠶᠢᠬᠠᠨ ᠤ ᠲᠥᠯᠥᠭᠡ ᠬᠢᠭᠰᠡᠨ ᠠᠵᠢᠯ᠂ ᠬᠡᠷᠡᠭᠵᠢᠭᠦᠯᠵᠦ ᠪᠤᠢ ᠲᠥᠰᠥᠯ᠂ ᠰᠠᠨᠠᠭᠠᠴᠢᠯᠠᠭᠰᠠᠨ ᠬᠠᠤᠯᠢ ᠶᠢ ᠨᠢ ᠠᠽᠢᠶ᠎ᠠ-ᠨᠣᠮᠣᠬᠠᠨ ᠳᠠᠯᠠᠢ ᠶᠢᠨ ᠭᠧᠣᠫᠣᠯᠢᠲ᠋ᠢᠺ ᠤᠨ ᠪᠦᠯᠦᠭ ᠦᠨ ᠭᠡᠰᠢᠭᠦᠨ ᠣᠷᠣᠨ ᠤ ᠲᠥᠯᠥᠭᠡᠯᠡᠯ ᠰᠤᠳᠤᠯᠤᠭᠠᠳ ᠲᠡᠭᠰᠢ ᠪᠣᠯᠤᠮᠵᠢ ᠣᠯᠭᠣᠬᠤ᠂ ᠵᠧᠨᠳᠧᠷ ᠦᠨ ᠠᠰᠠᠭᠤᠳᠠᠯ ᠳᠤ ᠠᠩᠬᠠᠷᠤᠯ ᠬᠠᠨᠳᠤᠭᠤᠯᠳᠠᠭ᠂ ᠪᠣᠯᠪᠠᠰᠤᠷᠠᠯ ᠤᠨ ᠷᠧᠹᠤᠷᠮ ᠬᠢᠬᠦ ᠠᠵᠢᠯ ᠳᠤ ᠢᠳᠡᠪᠬᠢ ᠰᠠᠨᠠᠭᠠᠴᠢᠯᠭ᠎ᠠ ᠲᠠᠢ ᠠᠵᠢᠯᠯᠠᠵᠤ ᠪᠠᠶᠢᠭ᠎ᠠ ᠬᠡᠮᠡᠨ ᠦᠵᠡᠵᠡᠢ᠃
ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠪᠠᠶᠢᠩᠭᠤ ᠶᠢᠨ ᠬᠣᠷᠢᠶ᠎ᠠ᠂ ᠤᠳᠤᠷᠢᠳᠬᠤ ᠵᠥᠪᠯᠡᠯ ᠦᠨ ᠭᠡᠰᠢᠭᠦᠨ ᠪᠣᠯᠤᠭᠰᠠᠨ ᠢᠶᠠᠷ ᠡᠬᠡ ᠣᠷᠣᠨ ᠢᠶᠠᠨ ᠪᠣᠯᠤᠨ ᠤᠯᠤᠰ ᠤᠨ ᠶᠡᠬᠡ ᠬᠤᠷᠠᠯ ᠤᠨ ᠦᠢᠯᠡ ᠠᠵᠢᠯᠯᠠᠭ᠎ᠠ ᠶᠢ ᠰᠤᠷᠲᠠᠯᠴᠢᠯᠠᠬᠤ᠂ ᠬᠠᠤᠯᠢ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ ᠪᠣᠯᠤᠮᠵᠢ ᠶᠢ ᠬᠠᠩᠭᠠᠬᠤ᠂ ᠬᠠᠷᠢᠯᠴᠠᠨ ᠲᠤᠷᠰᠢᠯᠭ᠎ᠠ ᠰᠤᠳᠤᠯᠬᠤ ᠭᠡᠬᠦ ᠮᠡᠲᠦ ᠮᠠᠰᠢ ᠣᠯᠠᠨ ᠳᠠᠪᠠᠭᠤ ᠲᠠᠯ᠎ᠠ ᠡᠭᠦᠰᠳᠡᠭ᠃