ᠮᠤᠩᠭᠤᠯ ᠠᠷᠠᠳ ᠤᠨ ᠨᠠᠮ ᠰᠢᠨ᠎ᠡ ᠳᠦᠷᠢᠮ ᠢᠶᠡᠨ ᠪᠣᠯᠪᠠᠰᠤᠷᠠᠭᠤᠯᠵᠤ ᠪᠠᠶᠢᠨ᠎ᠠ | News.MN

ᠮᠤᠩᠭᠤᠯ ᠠᠷᠠᠳ ᠤᠨ ᠨᠠᠮ ᠰᠢᠨ᠎ᠡ ᠳᠦᠷᠢᠮ ᠢᠶᠡᠨ ᠪᠣᠯᠪᠠᠰᠤᠷᠠᠭᠤᠯᠵᠤ ᠪᠠᠶᠢᠨ᠎ᠠ

ᠮᠤᠩᠭᠤᠯ ᠠᠷᠠᠳ ᠤᠨ ᠨᠠᠮ ᠤᠨ ᠬᠢᠨᠠᠯᠲᠠ ᠶᠢᠨ ᠶᠡᠷᠦᠩᠬᠡᠢ ᠬᠣᠷᠢᠶ᠎ᠠ ᠶᠢᠨ ᠨᠠᠮ ᠤᠨ ᠰᠢᠨ᠎ᠡ ᠳᠦᠷᠢᠮ ᠢ ᠪᠣᠯᠪᠠᠰᠤᠷᠠᠭᠤᠯᠬᠤ ᠬᠤᠷᠠᠯ ᠲᠤᠰᠠᠭᠠᠷ ᠲᠣᠭᠲᠠᠨᠢᠯ ᠤᠨ ᠬᠤᠷᠠᠯ ᠳᠤ ᠪᠣᠯᠪᠠ᠃ ᠰᠢᠨ᠎ᠡ ᠳᠦᠷᠢᠮ ᠢᠶᠡᠨ ᠳᠠᠷᠤᠭ᠎ᠠ ᠲᠥᠪ ᠲᠡᠢ ᠪᠢᠰᠢ᠂ ᠠᠷᠠᠳ ᠲᠥᠪ ᠲᠡᠢ ᠨᠠᠮ ᠪᠠᠶᠢᠬᠤ ᠵᠠᠷᠴᠢᠮ ᠤᠨ ᠳᠠᠭᠠᠤ ᠪᠣᠯᠪᠠᠰᠤᠷᠠᠭᠤᠯᠵᠤ ᠪᠠᠶᠢᠭ᠎ᠠ ᠠᠵᠠᠢ᠃

ᠨᠠᠮ ᠤᠨ ᠭᠡᠰᠢᠭᠦᠳ ᠱᠠᠲᠤᠯᠠᠨ ᠳᠡᠪᠰᠢᠬᠦ︵ᠨᠠᠮ ᠤᠨ ᠠᠩᠬᠠᠨ ᠱᠠᠲᠤᠨ ᠤ ᠨᠢᠭᠡᠴᠡ ᠡᠴᠡ ᠱᠠᠲᠤ ᠱᠠᠲᠤ ᠪᠠᠷ ᠠᠯᠪᠠᠨ ᠲᠤᠰᠢᠶᠠᠯ ᠠᠬᠢᠬᠤ︶᠂ ᠬᠠᠷᠢᠭᠤᠴᠠᠯᠭ᠎ᠠ ᠶᠢᠨ ᠲᠣᠭᠲᠠᠯᠴᠠᠭ᠎ᠠ᠂  ᠠᠪᠯᠢᠭ᠎ᠠ ᠬᠡᠭᠡᠯᠢ ᠬᠠᠬᠤᠤᠯᠢ ᠶᠢᠨ ᠠᠰᠠᠭᠤᠳᠠᠯ ᠤᠳ᠂ ᠳᠠᠷᠤᠭ᠎ᠠ ᠨᠠᠷ ᠠᠩᠬᠠᠨ ᠱᠠᠲᠤᠨ ᠤ ᠨᠢᠭᠡᠴᠡ ᠡᠭᠦᠷ ᠲᠡᠢ ᠪᠡᠨ ᠬᠣᠯᠪᠣᠭ᠎ᠠ ᠲᠠᠢ ᠠᠵᠢᠯᠯᠠᠬᠤ ᠵᠢᠭᠠᠯᠲᠠ ᠨᠤᠭᠤᠳ ᠢ ᠰᠢᠨ᠎ᠡ ᠳᠦᠷᠢᠮ ᠳᠦ ᠣᠷᠣᠭᠤᠯᠤᠭᠰᠠᠨ ᠪᠠᠶᠢᠨ᠎ᠠ᠃ ᠮᠥᠨ ᠠᠩᠬᠠᠨ ᠱᠠᠲᠤᠨ ᠤ ᠨᠢᠭᠡᠴᠡ ᠶᠢᠨ ᠲᠥᠯᠥᠭᠡᠯᠡᠯ ᠢ 1/5 ᠡᠴᠡ ᠳᠣᠭᠣᠭᠰᠢ ᠦᠭᠡᠢ ᠪᠡᠷ ᠤᠷᠤᠭᠤᠯᠬᠤ ᠲᠠᠯ᠎ᠠ ᠪᠠᠷ ᠴᠤ ᠶᠠᠷᠢᠭᠳᠠᠵᠠᠢ᠃

ᠰᠡᠳᠬᠢᠭᠳᠡᠯ ᠦᠯᠡᠳᠡᠭᠡᠬᠦ