ᠪᠢᠽᠢᠨᠧᠰ ᠦᠨ ᠶᠣᠰᠣ ᠵᠦᠢ ᠶᠢᠨ ᠠᠩᠬᠠᠳᠤᠭᠠᠷ ᠴᠢᠭᠤᠯᠭᠠᠨ ᠪᠤᠯᠪᠠ | News.MN

ᠪᠢᠽᠢᠨᠧᠰ ᠦᠨ ᠶᠣᠰᠣ ᠵᠦᠢ ᠶᠢᠨ ᠠᠩᠬᠠᠳᠤᠭᠠᠷ ᠴᠢᠭᠤᠯᠭᠠᠨ ᠪᠤᠯᠪᠠ

ᠠᠪᠯᠢᠭ᠎ᠠ ᠶᠢᠨ ᠡᠰᠡᠷᠭᠦ ᠲᠡᠮᠡᠴᠡᠬᠦ ᠨᠢ ᠵᠥᠪᠬᠡᠨ ᠲᠥᠷᠥ ᠶᠢᠨ ᠪᠠᠶᠢᠭᠤᠯᠤᠯᠭ᠎ᠠ ᠶᠢᠨ ᠡᠭᠦᠷᠭᠡ ᠪᠢᠰᠢ᠃ ᠡᠨᠳᠡ ᠮᠥᠨ ᠬᠤᠪᠢ ᠶᠢᠨ ᠬᠡᠪᠰᠢᠯ ᠦᠨ ᠣᠷᠣᠯᠴᠠᠭ᠎ᠠ᠂ ᠮᠠᠩᠯᠠᠶᠢᠯᠠᠯ ᠴᠢᠬᠤᠯᠠ ᠪᠣᠯᠵᠤ ᠪᠠᠶᠢᠭ᠎ᠠ ᠶᠢ ᠪᠢᠽᠢᠨᠧᠰ ᠦᠨ ᠲᠥᠯᠥᠭᠡᠯᠡᠯ ᠦᠨ ᠪᠠᠶᠢᠭᠤᠯᠤᠯᠭ᠎ᠠ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠣ᠊∙ᠠᠮᠤᠷᠲᠦ᠋ᠪᠰᠢᠨ ᠥᠴᠥᠭᠡᠳᠦᠷ ᠪᠣᠯᠤᠭᠰᠠᠨ《ᠺᠤᠮᠫᠠᠯᠸᠨᠰ᠂ ᠪᠢᠽᠢᠨᠧᠰ  ᠦᠨ ᠶᠣᠰᠣ ᠵᠦᠢ ᠶᠢᠨ ᠠᠩᠬᠠᠳᠤᠭᠠᠷ ᠴᠢᠭᠤᠯᠭᠠᠨ》ᠳᠡᠭᠡᠷ᠎ᠡ ᠣᠨᠴᠠᠯᠠᠯ᠎ᠠ᠃
ᠪᠢᠽᠢᠨᠧᠰ  ᠦᠨ ᠶᠣᠰᠣ ᠵᠦᠢ᠂ ᠰᠢᠳᠤᠷᠭᠤ ᠪᠠᠶᠢᠳᠠᠯ ᠢ ᠬᠡᠪᠰᠢᠭᠦᠯᠬᠦ ᠡᠭᠦᠳᠡᠨ ᠡᠴᠡ《ᠲᠷᠠᠨᠰ ᠫᠸᠷᠡᠨᠰᠢ ᠢᠨᠲᠸᠷᠨᠡᠢᠱᠨᠢᠯ ᠮᠣᠩᠭᠣᠯ》 ᠲᠥᠷᠥ ᠶᠢᠨ ᠪᠤᠰᠤ ᠪᠠᠶᠢᠭᠤᠯᠤᠯᠭ᠎ᠠ᠂《 ᠷᠢᠤ᠋ ᠲᠢᠨᠲ᠋ᠤ᠋ ᠮᠣᠩᠭᠣᠯ》 ᠺᠤᠮᠫᠠᠨᠢ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠬᠠᠮᠲᠤᠷᠠᠭᠰᠠᠨ ᠲᠥᠰᠥᠯ ᠢ ᠡᠨᠡ ᠣᠨ ᠤ ᠳᠦᠷᠪᠡᠳᠦᠭᠡᠷ ᠰᠠᠷ᠎ᠠ ᠠᠴᠠ ᠡᠬᠢᠯᠡᠨ ᠬᠡᠷᠡᠭᠵᠢᠭᠦᠯᠵᠦ᠂ ᠪᠢᠽᠢᠨᠧᠰ  ᠦᠨ ᠶᠣᠰᠣ ᠵᠦᠢ ᠶᠢᠨ ᠲᠥᠪ ᠢ ᠪᠠᠶᠢᠭᠤᠯᠤᠭᠠᠳ ᠪᠠᠶᠢᠨ᠎ᠠ᠃

ᠺᠤᠮᠫᠠᠯᠸᠨᠰ ᠭᠡᠳᠡᠭ ᠨᠢ ᠺᠣᠮᠫᠠᠨᠢ᠂ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠦᠨᠳᠦᠰᠦᠨ ᠬᠠᠤᠯᠢ ᠲᠣᠭᠲᠠᠭᠠᠮᠵᠢ ᠶᠢ ᠳᠠᠭᠠᠵᠤ ᠮᠦᠷᠳᠡᠬᠦ᠂ ᠠᠵᠢᠯ ᠦᠢᠯᠡᠴᠢᠯᠡᠭᠡ ᠦᠵᠡᠭᠦᠯᠬᠦ ᠳᠦ ᠪᠡᠨ ᠮᠡᠷᠭᠡᠵᠢᠯ ᠦᠨ ᠰᠲ᠋ᠠᠨᠳᠠᠷᠲ ᠢ ᠪᠠᠷᠢᠮᠲᠠᠯᠠᠬᠤ᠂ ᠭᠡᠷ᠎ᠡ ᠶᠢᠨ ᠳᠠᠭᠠᠤ ᠬᠦᠯᠢᠶᠡᠭᠰᠡᠨ ᠡᠭᠦᠷᠭᠡ ᠪᠡᠨ ᠬᠡᠷᠡᠭᠵᠢᠭᠦᠯᠬᠦ ᠲᠤᠬᠠᠢ ᠣᠶᠢᠯᠠᠭᠠᠯᠲᠠ ᠶᠤᠮ᠃ ᠮᠥᠨ ᠳᠠᠩ ᠭᠠᠭᠴᠠ ᠬᠠᠤᠯᠢ᠂ ᠡᠷᠬᠡ ᠵᠦᠢ ᠪᠡᠷ ᠬᠢᠵᠠᠭᠠᠷᠯᠠᠭᠳᠠᠬᠤ ᠦᠭᠡᠢ ᠰᠢᠳᠤᠷᠭᠤ ᠪᠠᠶᠢᠳᠠᠯ᠂ ᠶᠣᠰᠣ ᠵᠦᠢ ᠶᠢᠨ ᠠᠰᠠᠭᠤᠳᠠᠯ ᠢ ᠬᠠᠮᠤᠷᠳᠠᠭ᠃

ᠰᠡᠳᠬᠢᠭᠳᠡᠯ ᠦᠯᠡᠳᠡᠭᠡᠬᠦ