ᠮᠤᠩᠭᠤᠯ ᠠᠷᠠᠳ ᠤᠨ ᠨᠠᠮ ᠳᠤ ᠭᠡᠰᠢᠭᠦᠨ ᠢᠶᠡᠷ ᠡᠯᠰᠡᠬᠦ ᠢᠷᠭᠡᠳ ᠦᠨ ᠲᠣᠭ᠎ᠠ ᠦᠰᠴᠤ ᠪᠠᠶᠢᠨ᠎ᠠ | News.MN

ᠮᠤᠩᠭᠤᠯ ᠠᠷᠠᠳ ᠤᠨ ᠨᠠᠮ ᠳᠤ ᠭᠡᠰᠢᠭᠦᠨ ᠢᠶᠡᠷ ᠡᠯᠰᠡᠬᠦ ᠢᠷᠭᠡᠳ ᠦᠨ ᠲᠣᠭ᠎ᠠ ᠦᠰᠴᠤ ᠪᠠᠶᠢᠨ᠎ᠠ

ᠮᠤᠩᠭᠤᠯ ᠠᠷᠠᠳ ᠤᠨ ᠨᠠᠮ ᠤᠨ ᠭᠤᠴᠢᠳᠠᠬᠢ ᠶᠡᠬᠡ ᠬᠤᠷᠠᠯ ᠦᠷᠭᠦᠯᠵᠢᠯᠡᠵᠦ ᠪᠠᠶᠢᠨ᠎ᠠ᠃ ᠬᠤᠷᠠᠯ ᠳᠤ᠂ ᠲᠤᠰ ᠨᠠᠮ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠳ∙ᠠᠮᠤᠷᠪᠠᠶᠠᠰᠬᠤᠯᠠᠩ ᠢᠯᠡᠳᠬᠡᠯ ᠢᠶᠡᠨ ᠲᠠᠨᠢᠯᠴᠠᠭᠤᠯᠪᠠ᠃ ᠲᠡᠷᠡ᠄ ᠰᠣᠩᠭᠣᠭᠤᠯᠢ ᠳᠤ ᠳᠠᠷᠠᠭᠠᠯᠠᠨ ᠢᠯᠠᠯᠲᠠ ᠪᠠᠶᠢᠭᠤᠯᠤᠭᠰᠠᠨ ᠤᠯᠤᠰ ᠲᠥᠷᠥ ᠶᠢᠨ ᠬᠦᠴᠦᠨ ᠦ ᠬᠤᠪᠢ ᠳᠤ ᠤᠯᠤᠰ ᠣᠷᠣᠨ ᠢᠶᠠᠨ ᠬᠥᠭᠵᠢᠭᠦᠯᠬᠦ ᠦᠢᠯᠡᠰ ᠢ ᠡᠷᠬᠢᠮ ᠪᠣᠯᠭᠠᠵᠤ᠂ ᠥᠨᠥ ᠪᠣᠯᠤᠨ ᠢᠷᠡᠭᠡᠳᠦᠢ ᠬᠣᠶᠢᠴᠢ ᠦᠶ᠎ᠡ ᠶᠢᠨ ᠢᠶᠡᠨ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠨᠢᠭᠡᠨ ᠰᠡᠳᠬᠢᠯ ᠢᠶᠡᠷ ᠠᠵᠢᠯᠯᠠᠬᠤ ᠪᠣᠯᠤᠨ᠎ᠠ ᠃ ᠮᠤᠩᠭᠤᠯ ᠠᠷᠠᠳ ᠤᠨ ᠨᠠᠮ ᠤᠨ ᠦᠨᠡᠲᠦ ᠵᠦᠢᠯ᠂ ᠦᠵᠡᠯ ᠪᠠᠷᠢᠮᠲᠠᠯᠠᠯ ᠢ ᠳᠡᠮᠵᠢᠵᠦ᠂ ᠭᠡᠰᠢᠭᠦᠨ ᠢᠶᠡᠷ ᠡᠯᠰᠡᠬᠦ ᠢᠷᠭᠡᠳ ᠦᠨ ᠲᠣᠭ᠎ᠠ  ᠦᠰᠴᠤ  ᠪᠠᠢᠨ᠎ᠠ ᠭᠡᠪᠡ᠃

ᠮᠤᠩᠭᠤᠯ ᠠᠷᠠᠳ ᠤᠨ ᠨᠠᠮ ᠤᠨ ᠴᠠᠬᠢᠮ ᠪᠦᠷᠢᠳᠬᠡᠯ ᠳᠦ ᠪᠦᠷᠢᠳᠬᠡᠭᠳᠡᠭᠰᠡᠨ ᠭᠡᠰᠢᠭᠦᠳ ᠦᠨ ᠲᠣᠭ᠎ᠠ 278.716 ᠬᠦᠷᠴᠡᠢ᠃ ᠡᠭᠦᠨ ᠡᠴᠡ 54.7 ᠬᠤᠪᠢ ᠨᠢ ᠡᠮᠡᠭᠲᠡᠢ᠂ 45.3 ᠬᠤᠪᠢ ᠨᠢ ᠡᠷᠡᠭᠲᠡᠢ᠂ 76.1 ᠬᠤᠪᠢ ᠵᠠᠯᠠᠭᠤ ᠪᠣᠯᠤᠨ ᠳᠤᠮᠳᠠ ᠨᠠᠰᠤᠨ ᠤ᠂ 23.9 ᠬᠤᠪᠢ ᠨᠢ ᠠᠬᠠᠮᠠᠳ ᠭᠡᠰᠢᠭᠦᠳ ᠪᠠᠶᠢᠭ᠎ᠠ ᠶᠤᠮ᠃ ᠶᠡᠬᠡ ᠬᠤᠷᠠᠯ ᠳᠤ 21 ᠠᠶᠢᠮᠠᠭ᠂ ᠨᠡᠶᠢᠰᠯᠡᠯ ᠦᠨ ᠶᠢᠰᠦᠨ ᠳᠡᠭᠦᠷᠭᠡ ᠡᠴᠡ ᠬᠦᠷᠦᠯᠴᠡᠨ ᠢᠷᠡᠭᠰᠡᠨ 1245 ᠲᠥᠯᠥᠭᠡᠯᠡᠭᠴᠢ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ