ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ ᠬᠠᠷᠠᠬᠣᠷᠢᠨ ᠳᠤ ᠪᠣᠯᠤᠨ᠎ᠠ | News.MN

ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ ᠬᠠᠷᠠᠬᠣᠷᠢᠨ ᠳᠤ ᠪᠣᠯᠤᠨ᠎ᠠ

ᠮᠣᠩᠭᠣᠯ ᠤᠯᠤᠰ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110 ᠵᠢᠯ ᠦᠨ ᠣᠢ ᠡᠨᠡ ᠣᠨ ᠳᠤ ᠲᠣᠬᠢᠶᠠᠵᠤ ᠪᠠᠶᠢᠨ᠎ᠠ᠃ ᠬᠣᠶᠠᠷ ᠵᠠᠭᠤ ᠭᠠᠷᠤᠢ ᠵᠢᠯ ᠦᠷᠭᠦᠯᠵᠢᠯᠡᠭᠰᠡᠨ ᠮᠠᠨᠵᠤ ᠴᠢᠩ ᠭᠦᠷᠦᠨ ᠦ ᠨᠣᠶᠠᠷᠬᠠᠯ ᠢ 1911 ᠣᠨ ᠤ ᠠᠷᠪᠠᠨ ᠬᠣᠶᠠᠳᠤᠭᠠᠷ ᠰᠠᠷ᠎ᠠ ᠶᠢᠨ 29 ᠳᠦ ᠡᠴᠦᠰ ᠪᠣᠯᠭᠠᠨ᠂ ᠮᠣᠩᠭᠣᠯᠴᠤᠳ ᠪᠣᠭᠳᠠ ᠬᠠᠭᠠᠨᠲᠤ ᠮᠣᠩᠭᠣᠯ ᠤᠯᠤᠰ ᠢᠶᠠᠨ ᠪᠠᠶᠢᠭᠤᠯᠤᠭᠰᠠᠨ᠃

ᠡᠨᠡ ᠬᠦ ᠲᠡᠦᠬᠡᠨ ᠣᠢ ᠳᠤ ᠵᠣᠷᠢᠭᠤᠯᠤᠭᠰᠠᠨ ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ ᠢ 2021 ᠣᠨ ᠤ ᠠᠷᠪᠠᠨ ᠬᠣᠶᠠᠳᠤᠭᠠᠷ ᠰᠠᠷ᠎ᠠ ᠶᠢᠨ 29  ᠦ ᠡᠳᠦᠷ ᠶᠡᠬᠡ ᠮᠣᠩᠭᠣᠯ ᠤᠯᠤᠰ ᠤᠨ ᠨᠡᠶᠢᠰᠯᠡᠯ ᠬᠠᠷᠠᠬᠣᠷᠣᠮ ᠬᠣᠲᠠ ᠣᠷᠣᠰᠢᠵᠤ ᠪᠠᠶᠢᠭᠰᠠᠨ ᠥᠪᠦᠷᠬᠠᠩᠭᠠᠢ ᠠᠶᠢᠮᠠᠭ ᠤᠨ ᠬᠠᠷᠠᠬᠣᠷᠢᠨ ᠰᠤᠮᠤᠨ ᠳᠤ ᠵᠠᠷᠯᠠᠨ ᠬᠤᠷᠠᠯᠳᠤᠭᠤᠯᠬᠤ ᠭᠡᠵᠦ ᠪᠠᠶᠢᠨ᠎ᠠ᠃
ᠤᠯᠤᠰ ᠤᠨ ᠶᠡᠬᠡ ᠬᠤᠷᠠᠯ ᠤᠨ ᠭᠡᠰᠢᠭᠦᠳ ᠬᠦᠨᠳᠦᠳᠬᠡᠯ ᠦᠨ ᠴᠢᠭᠤᠯᠭᠠᠨ ᠠᠴᠠ ᠭᠠᠳᠠᠨ᠎ᠠ ᠮᠣᠩᠭᠣᠯ ᠨᠤᠲᠤᠭ ᠲᠤ ᠣᠷᠣᠰᠢᠨ ᠪᠠᠶᠢᠭᠰᠠᠨ ᠦᠶ᠎ᠡ ᠦᠶ᠎ᠡ ᠶᠢᠨ ᠡᠵᠡᠨᠲᠦ ᠭᠦᠷᠦᠨ ᠦ ᠨᠡᠶᠢᠰᠯᠡᠯ ᠬᠣᠲᠠ ᠨᠤᠭᠤᠳ ᠲᠥᠪᠯᠡᠷᠡᠵᠦ᠂ ᠥᠷᠥᠨ᠎ᠡ ᠳᠣᠷᠣᠨ᠎ᠠ ᠶᠢ ᠬᠣᠯᠪᠣᠭᠰᠠᠨ ᠬᠤᠳᠠᠯᠳᠤᠭ᠎ᠠ᠂ ᠵᠠᠮ ᠬᠠᠷᠢᠯᠴᠠᠭ᠎ᠠ᠂ ᠰᠤᠶᠤᠯ᠂ ᠡᠳ᠋ ᠦᠨ ᠵᠠᠰᠠᠭ ᠤᠨ ᠲᠥᠪ ᠪᠣᠯᠵᠤ ᠪᠠᠶᠢᠭᠰᠠᠨ ᠣᠷᠬᠣᠨ ᠤ ᠬᠥᠨᠳᠡᠢ ᠶᠢᠨ ᠬᠥᠭᠵᠢᠯ ᠦᠨ ᠬᠡᠯᠡᠯᠴᠡᠭᠦᠯᠭᠡ ᠳᠦ ᠣᠷᠣᠯᠴᠠᠨ᠎ᠠ᠃ ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠴᠢᠭᠤᠯᠭᠠᠨ ᠢ ᠲᠡᠦᠬᠡᠨ ᠪᠠᠶᠢᠷᠢᠰᠢᠯ ᠳᠤ᠂ ᠤᠯᠠᠮᠵᠢᠯᠠᠯᠲᠤ ᠬᠡᠯᠪᠡᠷᠢ ᠪᠡᠷ ᠵᠣᠬᠢᠶᠠᠨ ᠪᠠᠶᠢᠭᠤᠯᠬᠤ ᠨᠢ ᠠᠷᠭ᠎ᠠ ᠬᠡᠮᠵᠢᠶᠡᠨ ᠦ ᠠᠴᠢ ᠬᠣᠯᠪᠣᠭᠳᠠᠯ ᠢ ᠲᠣᠳᠣᠷᠠᠭᠤᠯᠬᠤ᠂ ᠥᠪ ᠰᠤᠶᠤᠯ ᠢᠶᠠᠨ ᠰᠤᠷᠲᠠᠯᠴᠢᠯᠠᠬᠤ ᠴᠢᠬᠤᠯᠠ ᠠᠴᠢ ᠬᠣᠯᠪᠣᠭᠳᠠᠯ ᠲᠠᠢ ᠶᠤᠮ᠃

ᠰᠡᠳᠬᠢᠭᠳᠡᠯ ᠦᠯᠡᠳᠡᠭᠡᠬᠦ