ᠪ ∙ ᠮᠥᠩᠬᠡᠵᠢᠨ ᠠᠮᠧᠷᠢᠺᠠ ᠶᠢᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠬᠢᠨ ᠲᠠᠢ ᠠᠭᠤᠯᠵᠠᠵᠠᠢ | News.MN

ᠪ ∙ ᠮᠥᠩᠬᠡᠵᠢᠨ ᠠᠮᠧᠷᠢᠺᠠ ᠶᠢᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠬᠢᠨ ᠲᠠᠢ ᠠᠭᠤᠯᠵᠠᠵᠠᠢ

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ∙ᠮᠥᠩᠬᠡᠵᠢᠨ ᠴᠠᠭᠠᠨ ᠣᠷᠳᠣᠨ ᠤ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠰᠣᠯᠣᠩᠭᠣᠰ ᠤᠨ ᠬᠣᠶᠢᠭ᠂ ᠮᠣᠩᠭᠣᠯ ᠤᠨ ᠬᠡᠯᠲᠡᠰ ᠦᠨ ᠳᠠᠷᠤᠭ᠎ᠠ ᠠᠳᠠᠮ ᠹᠠᠷᠷᠠᠷ ᠢ 12 ᠳ᠋ᠤᠭᠠᠷ ᠰᠠᠷ᠎ᠠ ᠶᠢᠨ 6  ᠳᠦ ᠭᠠᠳᠠᠭᠠᠳᠤ ᠬᠠᠷᠢᠯᠴᠠᠭᠠᠨ ᠤ ᠶᠠᠮᠤᠨ ᠳᠤ ᠬᠦᠯᠢᠶᠡᠨ ᠠᠪᠴᠤ ᠠᠭᠤᠯᠵᠠᠵᠠᠢ᠃
ᠠᠭᠤᠯᠵᠠᠯᠲᠠ ᠶᠠᠷᠢᠶᠠᠨ ᠤ ᠦᠶ᠎ᠡ ᠪᠡᠷ ᠲᠠᠯ᠎ᠠ ᠨᠤᠭᠤᠳ ᠮᠣᠩᠭᠣᠯ᠂ ᠠᠮᠧᠷᠢᠺᠠ ᠶᠢᠨ ᠰᠲᠷᠠᠲ᠋ᠧᠭᠢ ᠶᠢᠨ ᠲᠦᠩᠰᠢᠯᠡᠯ ᠢ ᠪᠡᠬᠢᠵᠢᠭᠦᠯᠬᠦ ᠴᠢᠨᠠᠭᠰᠢᠳᠠ ᠶᠢᠨ ᠵᠣᠷᠢᠯᠲᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠴᠠᠷ᠎ᠠ ᠲᠠᠬᠤᠯ ᠤᠨ ᠳᠠᠷᠠᠭᠠᠬᠢ ᠬᠠᠮᠲᠤ ᠶᠢᠨ ᠠᠵᠢᠯᠯᠠᠭ᠎ᠠ ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠷᠢᠯᠴᠠᠭ᠎ᠠ ᠶᠢ ᠨᠡᠮᠡᠭᠳᠡᠭᠦᠯᠬᠦ᠂ ᠲᠣᠮᠣᠬᠠᠨ ᠲᠥᠰᠥᠯ ᠦᠳ ᠲᠦ ᠬᠥᠷᠥᠩᠭᠡ ᠣᠷᠣᠭᠤᠯᠤᠯᠲᠠ ᠶᠢ ᠲᠠᠲᠠᠬᠤ ᠵᠡᠷᠭᠡ ᠠᠰᠠᠭᠤᠳᠠᠯ ᠢᠶᠠᠷ ᠰᠠᠨᠠᠯ ᠰᠤᠯᠢᠯᠴᠠᠪᠠ᠃ ᠲᠡᠭᠦᠨᠴᠢᠯᠡᠨ 2022 ᠣᠨ ᠳᠤ ᠲᠣᠬᠢᠶᠠᠬᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠶᠢ ᠬᠠᠮᠲᠤᠷᠠᠨ ᠲᠡᠮᠳᠡᠭᠯᠡᠬᠦ ᠪᠡᠷ ᠪᠣᠯᠵᠠᠢ᠃

 

ᠰᠡᠳᠬᠢᠭᠳᠡᠯ ᠦᠯᠡᠳᠡᠭᠡᠬᠦ