ᠡ᠊∙ᠣᠶᠤᠨᠪᠣᠯᠣᠳ ᠤᠨ ᠪᠠᠷᠢᠯᠳᠤᠬᠤ ᠡᠷᠬᠡ ᠶᠢ ᠨᠠᠢ᠌ᠮᠠᠨ ᠵᠢᠯ ᠢᠶᠡᠷ ᠬᠠᠰᠤᠪᠠ | News.MN

ᠡ᠊∙ᠣᠶᠤᠨᠪᠣᠯᠣᠳ ᠤᠨ ᠪᠠᠷᠢᠯᠳᠤᠬᠤ ᠡᠷᠬᠡ ᠶᠢ ᠨᠠᠢ᠌ᠮᠠᠨ ᠵᠢᠯ ᠢᠶᠡᠷ ᠬᠠᠰᠤᠪᠠ

ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠤ ᠲᠡᠷᠢᠭᠦᠯᠡᠭᠴᠢᠳ ᠦᠨ ᠡᠭᠡᠯᠵᠢᠲᠦ ᠬᠤᠷᠠᠯ 12 ᠳ᠋ᠤᠭᠠᠷ ᠰᠠᠷ᠎ᠠ ᠶᠢᠨ 06 ᠳᠤ  ᠪᠤᠯᠵᠤ᠂ ᠳᠠᠷᠠᠭᠠᠬᠢ ᠠᠰᠠᠭᠤᠳᠠᠯ ᠤᠳ ᠢ ᠬᠡᠯᠡᠯᠴᠡᠨ ᠰᠢᠢᠳᠪᠦᠷᠢᠯᠡᠪᠡ᠃ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠤ ᠳᠦᠷᠢᠮ ᠦᠨ 11.28  ᠳᠦ ᠵᠢᠭᠠᠭᠰᠠᠨ ᠤ ᠳᠠᠭᠠᠤ ᠤᠯᠤᠰ ᠤᠨ ᠬᠠᠷᠴᠠᠭᠠᠢ ᠳ ∙ᠪᠠᠲᠤᠪᠤᠯᠤᠳ ᠢ ᠲᠡᠷᠢᠭᠦᠯᠡᠭᠴᠢ ᠶᠢᠨ ᠡᠭᠦᠷᠭᠡ ᠭᠦᠢᠴᠡᠳᠬᠡᠭᠴᠢ ᠪᠡᠷ ᠪᠠᠲᠤᠯᠠᠪᠠ᠃
ᠮᠥᠨ ᠦᠨᠳᠦᠰᠦᠨ ᠦ ᠪᠥᠬᠡ ᠶᠢᠨ ᠪᠠᠷᠢᠯᠳᠤᠭᠠᠨ ᠤ ᠳᠦᠷᠢᠮ ᠦᠨ 7.3 ᠳᠦ ᠵᠢᠭᠠᠭᠰᠠᠨ ᠤ ᠳᠠᠭᠠᠤ ᠳᠠᠪᠲᠠᠨ ᠰᠡᠷᠭᠦᠭᠡᠰᠢ ᠶᠢᠨ ᠵᠥᠷᠢᠴᠡᠯ ᠭᠠᠷᠭᠠᠭᠰᠠᠨ ᠤᠯᠤᠰ ᠤᠨ ᠠᠷᠰᠯᠠᠨ ᠡ᠊∙ᠣᠶᠤᠨᠪᠣᠯᠣᠳ ᠤᠨ ᠪᠠᠷᠢᠯᠳᠤᠬᠤ ᠡᠷᠬᠡ ᠶᠢ ᠨᠠᠢ᠌ᠮᠠᠨ ᠵᠢᠯ ᠢᠶᠡᠷ᠂ ᠰᠡᠷᠭᠦᠭᠡᠰᠢ ᠶᠢᠨ ᠵᠥᠷᠢᠴᠡᠯ ᠭᠠᠷᠭᠠᠭᠰᠠᠨ ᠠᠶᠢᠮᠠᠭ ᠤᠨ ᠠᠷᠰᠯᠠᠨ ᠨ∙ᠪᠠᠲᠤᠰᠠᠶᠢᠬᠠᠨ᠂ ᠪ∙ᠬᠠᠳᠠᠪᠠᠭᠠᠲᠤᠷ᠂ ᠠᠶᠢᠮᠠᠭ ᠤᠨ ᠵᠠᠭᠠᠨ ᠪ∙ᠤᠷᠲᠤᠨᠠᠰᠤᠨ ᠨᠠᠷ ᠤᠨ ᠪᠠᠷᠢᠯᠳᠤᠬᠤ ᠡᠷᠬᠡ ᠶᠢ ᠳᠥᠷᠪᠡᠨ ᠵᠢᠯ ᠢᠶᠡᠷ ᠬᠠᠰᠤᠯ᠎ᠠ᠃

ᠰᠡᠳᠬᠢᠭᠳᠡᠯ ᠦᠯᠡᠳᠡᠭᠡᠬᠦ