ᠽ∙ᠳᠠᠰᠢᠳᠠᠸᠠ᠄ ᠠᠪᠯᠢᠭ᠎ᠠ ᠬᠠᠯᠳᠠᠪᠤᠷᠢᠲᠤ ᠡᠪᠡᠳᠴᠢᠨ ᠦ ᠠᠳᠠᠯᠢ ᠪᠤᠭᠰᠢᠭᠰᠠᠨ ᠪᠠᠶᠢᠨ᠎ᠠ | News.MN

ᠽ∙ᠳᠠᠰᠢᠳᠠᠸᠠ᠄ ᠠᠪᠯᠢᠭ᠎ᠠ ᠬᠠᠯᠳᠠᠪᠤᠷᠢᠲᠤ ᠡᠪᠡᠳᠴᠢᠨ ᠦ ᠠᠳᠠᠯᠢ ᠪᠤᠭᠰᠢᠭᠰᠠᠨ ᠪᠠᠶᠢᠨ᠎ᠠ

ᠠᠪᠯᠢᠭ᠎ᠠᠲᠠᠢ ᠲᠡᠮᠡᠴᠡᠬᠦ ᠭᠠᠵᠠᠷ ᠤᠨ  ᠵᠣᠬᠢᠶᠠᠨ ᠪᠠᠶᠢᠭᠤᠯᠵᠤ ᠪᠠᠢᠭ᠎ᠠ《ᠠᠪᠯᠢᠭ᠎ᠠ ᠶᠢᠨ ᠡᠰᠡᠷᠭᠦ ᠦᠨᠳᠦᠰᠦᠨ ᠦ ᠴᠢᠭᠤᠯᠭᠠᠨ》 ᠨᠡᠭᠡᠭᠡᠯᠲᠡ ᠳᠦ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ ᠽ∙ᠳᠠᠰᠢᠳᠠᠸᠠ ᠣᠷᠣᠯᠴᠠᠵᠤ ᠦᠭᠡ ᠬᠡᠯᠡᠯ᠎ᠡ᠃ ᠲᠡᠷᠡ ᠪᠡᠷ᠄  ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠪᠯᠢᠭ᠎ᠠ ᠶᠢᠨ ᠺᠣᠨᠸᠧᠨᠼ ᠲᠤ ᠮᠠᠨ ᠤ ᠤᠯᠤᠰ 2005 ᠣᠨ ᠳᠤ ᠨᠢᠭᠡᠳᠴᠦ ᠣᠷᠣᠭᠰᠠᠨ᠃ ᠵᠢᠯ ᠪᠦᠷᠢ ᠶᠢᠨ 12  ᠳ᠋ᠤᠭᠠᠷ ᠰᠠᠷ᠎ᠠ ᠶᠢᠨ 9  ᠦ ᠡᠳᠦᠷ ᠢ ᠠᠪᠯᠢᠭ᠎ᠠ ᠲᠠᠢ ᠲᠡᠮᠡᠴᠡᠬᠦ ᠡᠳᠦᠷ ᠪᠣᠯᠭᠠᠨ ᠵᠠᠷᠯᠠᠭᠰᠠᠨ ᠪᠥᠭᠡᠳ ᠡᠨᠡ ᠵᠢᠯ︽ᠲᠠᠨ ᠤ ᠡᠷᠬᠡ᠂ ᠲᠠᠨ ᠤ ᠣᠷᠣᠯᠴᠠᠭ᠎ᠠ᠂ ᠠᠪᠯᠢᠭ᠎ᠠ ᠳᠤ ᠦᠭᠡᠢ ᠭᠡᠵᠦ ᠬᠡᠯᠡᠶ᠎ᠡ︾ᠤᠷᠢᠶᠠᠨ ᠳᠣᠣᠷ᠎ᠠ ᠲᠡᠮᠳᠡᠭᠯᠡᠬᠦ ᠥᠩᠭᠡᠷᠡᠭᠦᠯᠵᠦ ᠪᠠᠶᠢᠨ᠎ᠠ᠃
ᠮᠠᠨ ᠤ ᠤᠯᠤᠰ  2007-2016 ᠣᠨ ᠳᠤ ᠵᠢᠯ ᠳᠦ ᠳᠤᠮᠳᠠᠴᠢ ᠪᠠᠷ 200 ᠣᠷᠴᠢᠮ ᠬᠡᠷᠡᠭ ᠰᠢᠯᠭᠠᠵᠤ ᠪᠠᠶᠢᠭᠰᠠᠨ ᠪᠣᠯ ᠰᠡᠭᠦᠯ ᠦᠨ ᠭᠤᠷᠪᠠᠨ ᠵᠢᠯ ᠳᠦ 1500 ᠭᠠᠷᠤᠢ ᠬᠡᠷᠡᠭ ᠢ ᠢᠯᠡᠷᠡᠭᠦᠯᠦᠨ ᠰᠢᠯᠭᠠᠭᠰᠠᠨ ᠪᠠᠶᠢᠨ᠎ᠠ᠃ 2020 ᠣᠨ ᠳᠤ 35.6 ᠲᠡᠷᠪᠤᠮ᠂ 2021 ᠣᠨ ᠳᠤ 96 ᠲᠡᠷᠪᠤᠮ ᠲᠥᠭᠥᠷᠢᠭ ᠢ ᠨᠥᠬᠥᠨ ᠲᠥᠯᠥᠭᠦᠯᠦᠭᠡᠳ ᠪᠠᠶᠢᠨ᠎ᠠ᠃ ᠡᠭᠦᠨ ᠳᠦ ᠲᠤᠰ ᠪᠠᠶᠢᠭᠤᠯᠤᠯᠭ᠎ᠠ ᠶᠢᠨ ᠬᠢᠴᠢᠶᠡᠯ ᠵᠢᠳᠬᠦᠯ ᠡᠴᠡ ᠭᠠᠳᠠᠨ᠎ᠠ ᠠᠷᠠᠳ ᠢᠷᠭᠡᠳ ᠦᠨ ᠣᠷᠣᠯᠴᠠᠭ᠎ᠠ ᠨᠡᠩ ᠴᠢᠬᠤᠯᠠ ᠪᠠᠶᠢᠭᠰᠠᠨ᠃

ᠳᠡᠯᠡᠬᠡᠢ ᠶᠢᠨ ᠤᠯᠤᠰ ᠣᠷᠣᠨ ᠨᠤᠭᠤᠳ ᠤᠨᠠᠪᠯᠢᠭ᠎ᠠ ᠶᠢᠨ ᠲᠦᠪᠰᠢᠨ ᠬᠡᠷᠬᠢᠨ ᠥᠭᠡᠷᠡᠴᠢᠯᠡᠭᠳᠡᠵᠦ ᠪᠤᠢ ᠶᠢ ᠬᠠᠷᠢᠴᠠᠭᠤᠯᠤᠨ ᠦᠨᠡᠯᠡᠭᠡ ᠭᠠᠷᠭᠠᠳᠠᠭ ᠣᠯᠠᠨ ᠤᠯᠤᠰ ᠤᠨ ᠪᠠᠶᠢᠭᠤᠯᠤᠯᠭ᠎ᠠ ᠶᠢᠨ ᠰᠤᠳᠤᠯᠭᠠᠨ ᠤ ᠳ᠋ᠦᠩ ᠢᠶᠡᠷ ᠮᠣᠩᠭᠣᠯ ᠤᠯᠤᠰ 35 ᠣᠨᠣᠭ᠎ᠠ ᠪᠠᠷ 111  ᠳ᠋ᠤᠭᠡᠷ ᠪᠠᠶᠢᠷᠢᠨ ᠳᠤ ᠵᠢᠭᠰᠠᠭᠰᠠᠨ ᠭᠡᠯ᠎ᠡ᠃

ᠰᠡᠳᠬᠢᠭᠳᠡᠯ ᠦᠯᠡᠳᠡᠭᠡᠬᠦ