ᠬᠠᠷᠢᠶ᠎ᠠ ᠬᠢᠨᠠᠯᠲᠠ ᠦᠭᠡᠢ ᠬᠡᠦᠬᠡᠳ ᠦᠨ ᠲᠣᠭ᠎ᠠ ᠡᠷᠡᠰ ᠪᠠᠭᠤᠷᠠᠵᠠᠢ | News.MN

ᠬᠠᠷᠢᠶ᠎ᠠ ᠬᠢᠨᠠᠯᠲᠠ ᠦᠭᠡᠢ ᠬᠡᠦᠬᠡᠳ ᠦᠨ ᠲᠣᠭ᠎ᠠ ᠡᠷᠡᠰ ᠪᠠᠭᠤᠷᠠᠵᠠᠢ

ᠨᠡᠶᠢᠰᠯᠡᠯ ᠦᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ 《ᠬᠡᠦᠬᠡᠳ ᠬᠠᠮᠠᠭᠠᠯᠠᠯ-2021》ᠨᠢᠭᠡᠳᠦᠭᠰᠡᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠠᠢ᠃ ᠤᠭ ᠠᠷᠭ᠎ᠠ ᠬᠡᠮᠵᠢᠶ᠎ᠡ ᠶᠢ ᠤᠯᠠᠷᠢᠯ ᠪᠦᠷᠢ ᠳᠦ ᠨᠢᠭᠡ ᠰᠠᠷ᠎ᠠ ᠶᠢᠨ ᠬᠤᠭᠤᠴᠠᠭ᠎ᠠ ᠲᠠᠢ ᠵᠣᠬᠢᠶᠠᠨ ᠪᠠᠶᠢᠭᠤᠯᠳᠠᠭ ᠪᠥᠭᠡᠳ ᠨᠡᠶᠢᠰᠯᠡᠯ ᠦᠨ ᠡᠷᠡᠭᠦᠯ ᠮᠡᠨᠳᠦ ᠶᠢᠨ ᠭᠠᠵᠠᠷ᠂ ᠨᠡᠶᠢᠰᠯᠡᠯ ᠦᠨ ᠤᠯᠤᠰ ᠤᠨ ᠪᠦᠷᠢᠳᠬᠡᠯ ᠦᠨ ᠭᠠᠵᠠᠷ᠂ ᠨᠡᠶᠢᠰᠯᠡᠯ ᠦᠨ ᠬᠥᠳᠡᠯᠮᠦᠷᠢ ᠡᠷᠬᠢᠯᠡᠯᠲᠡ ᠶᠢᠨ ᠭᠠᠵᠠᠷ᠂ ᠨᠡᠶᠢᠰᠯᠡᠯ ᠦᠨ ᠴᠠᠭᠳᠠᠭ᠎ᠠ ᠶᠢᠨ ᠤᠳᠤᠷᠢᠳᠬᠤ ᠭᠠᠵᠠᠷ ᠤᠨ ᠬᠡᠦᠬᠡᠳ ᠦᠨ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠭᠠᠵᠠᠷ᠂ ᠶᠢᠰᠦᠨ ᠳᠡᠭᠦᠷᠭᠡ ᠶᠢᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠬᠡᠯᠲᠡᠰ ᠵᠡᠷᠭᠡ ᠪᠠᠶᠢᠭᠤᠯᠤᠯᠭ᠎ᠠ ᠬᠠᠮᠲᠤᠷᠠᠨ ᠠᠵᠢᠯᠯᠠᠳᠠᠭ᠃
ᠡᠨᠡ ᠣᠨ ᠤ ᠡᠬᠢᠨ ᠦ ᠭᠤᠷᠪᠠᠨ ᠤᠯᠠᠷᠢᠯ ᠤᠨ ᠪᠠᠶᠢᠳᠠᠯ ᠢᠶᠠᠷ ᠨᠡᠶᠢᠰᠯᠡᠯ ᠳᠤ ᠬᠠᠷᠢᠶ᠎ᠠ ᠬᠢᠨᠠᠯᠲᠠ ᠦᠭᠡᠢ ᠬᠡᠦᠬᠡᠳ ᠦᠨ ᠲᠣᠭ᠎ᠠ ᠡᠮᠦᠨᠡᠬᠢ ᠵᠢᠯ ᠡᠴᠡ ᠡᠷᠡᠰ ᠪᠠᠭᠤᠷᠠᠭᠰᠠᠨ ᠳ᠋ᠦᠩ ᠭᠠᠷᠴᠠᠢ᠃ 2020 ᠣᠨ ᠳᠤ 63 ᠬᠡᠦᠬᠡᠳ ᠬᠠᠷᠢᠶ᠎ᠠ ᠬᠢᠨᠠᠯᠲᠠ ᠦᠭᠡᠢ ᠪᠠᠶᠢᠭᠰᠠᠨ ᠪᠣᠯ ᠡᠨᠡ ᠣᠨ ᠤ ᠭᠤᠷᠪᠠᠳᠤᠭᠠᠷ ᠤᠯᠠᠷᠢᠯ ᠤᠨ ᠪᠠᠶᠢᠳᠠᠯ ᠢᠶᠠᠷ ᠨᠢᠭᠡ ᠬᠡᠦᠬᠡᠳ ᠬᠠᠷᠢᠶ᠎ᠠ ᠬᠢᠨᠠᠯᠲᠠ ᠦᠭᠡᠢ ᠭᠡᠵᠦ ᠪᠦᠷᠢᠳᠬᠡᠭᠳᠡᠭᠰᠡᠨ ᠪᠠᠶᠢᠨ᠎ᠠ᠃ ᠮᠥᠨ ᠨᠡᠶᠢᠰᠯᠡᠯ  ᠳᠦ 132 ᠬᠡᠦᠬᠡᠳ ᠬᠥᠳᠡᠯᠮᠦᠷᠢ ᠡᠷᠬᠢᠯᠡᠳᠡᠭ ᠭᠡᠰᠡᠨ ᠰᠤᠳᠤᠯᠭ᠎ᠠ ᠭᠠᠷᠭᠠᠵᠠᠢ᠃

ᠰᠡᠳᠬᠢᠭᠳᠡᠯ ᠦᠯᠡᠳᠡᠭᠡᠬᠦ