ᠮᠠᠯ ᠬᠤᠯᠠᠭᠠᠶᠢᠯᠠᠨ ᠲᠡᠭᠡᠭᠡᠪᠦᠷᠢᠯᠡᠵᠦ ᠶᠠᠪᠤᠭᠰᠠᠨ ᠢᠷᠭᠡᠳ ᠢ ᠪᠠᠷᠢᠪᠴᠢᠯᠠᠵᠠᠢ | News.MN

ᠮᠠᠯ ᠬᠤᠯᠠᠭᠠᠶᠢᠯᠠᠨ ᠲᠡᠭᠡᠭᠡᠪᠦᠷᠢᠯᠡᠵᠦ ᠶᠠᠪᠤᠭᠰᠠᠨ ᠢᠷᠭᠡᠳ ᠢ ᠪᠠᠷᠢᠪᠴᠢᠯᠠᠵᠠᠢ

ᠢᠷᠭᠡᠳ ᠦᠨ ᠢᠳᠡᠰᠢ ᠬᠣᠭᠣᠯᠠ ᠪᠠᠨ ᠪᠡᠯᠡᠳᠬᠡᠬᠦ ᠦᠶ᠎ᠡ ᠪᠡᠷ ᠮᠠᠯ ᠬᠤᠯᠠᠭᠠᠶᠢᠯᠠᠬᠤ ᠲᠥᠷᠥᠯ ᠦᠨ ᠭᠡᠮᠲᠦ ᠬᠡᠷᠡᠭ᠂ ᠵᠥᠷᠢᠴᠡᠯ ᠨᠡᠮᠡᠭᠳᠡᠬᠦ ᠬᠠᠨᠳᠤᠯᠭ᠎ᠠ ᠲᠠᠢ ᠪᠠᠶᠢᠳᠠᠭ ᠤᠴᠢᠷ ᠠᠴᠠ 《ᠮᠠᠯ᠂ ᠮᠢᠬ᠎ᠠ- 2021》ᠨᠢᠭᠡᠳᠦᠭᠰᠡᠨ ᠠᠷᠭ᠎ᠠ ᠬᠡᠮᠵᠢᠶ᠎ᠡ ᠶᠢ ᠴᠠᠭᠳᠠᠭ᠎ᠠ ᠶᠢᠨ ᠪᠠᠶᠢᠭᠤᠯᠤᠯᠭ᠎ᠠ ᠠᠴᠠ ᠵᠣᠬᠢᠶᠠᠨ ᠪᠠᠶᠢᠭᠤᠯᠵᠤ ᠡᠬᠢᠯᠡᠵᠡᠢ᠃

ᠤᠭ ᠠᠵᠢᠯ ᠤᠨ ᠬᠦᠷᠢᠶᠡᠨ ᠳᠦ ᠥᠪᠦᠷᠬᠠᠩᠭᠠᠢ ᠠᠶᠢᠮᠠᠭ ᠤᠨ ᠴᠠᠭᠳᠠᠭ᠎ᠠ ᠶᠢᠨ ᠭᠠᠵᠠᠷ ᠥᠨᠥᠳᠥᠷ ᠪᠤᠰᠤᠳ ᠤᠨ 11 ᠮᠠᠯ ᠢ ᠬᠤᠯᠠᠭᠠᠶᠢᠯᠠᠨ ᠲᠡᠭᠡᠭᠡᠪᠦᠷᠢᠯᠡᠵᠦ ᠶᠠᠪᠤᠭᠰᠠᠨ ᠭᠡᠮᠲᠦ ᠡᠲᠡᠭᠡᠳ  ᠢ ᠢᠯᠡᠷᠡᠭᠦᠯᠵᠦ᠂ ᠬᠣᠬᠢᠷᠠᠭᠴᠢ ᠢᠷᠭᠡᠨ ᠳᠦ ᠬᠤᠯᠠᠭᠠᠶᠢᠯᠠᠭᠳᠠᠭᠰᠠᠨ ᠮᠠᠯ ᠢ ᠬᠦᠯᠢᠶᠡᠯᠭᠡᠨ ᠥᠭᠭᠦᠭᠰᠡᠨ ᠪᠠᠶᠢᠨ᠎ᠠ᠃ ᠮᠠᠯ ᠬᠤᠯᠠᠭᠠᠶᠢᠯᠠᠬᠤ ᠭᠡᠮᠲᠦ ᠬᠡᠷᠡᠭ ᠡᠨᠡ ᠣᠨ ᠤ 11 ᠳ᠋ᠤᠭᠡᠷ ᠰᠠᠷ᠎ᠠ ᠶᠢᠨ ᠪᠠᠶᠢᠳᠠᠯ ᠢᠶᠠᠷ 26 ᠪᠦᠷᠢᠳᠬᠡᠭᠳᠡᠵᠦ᠂ ᠡᠮᠦᠨᠡᠬᠢ ᠣᠨ ᠤ ᠮᠥᠨ ᠦᠶ᠎ᠡ ᠡᠴᠡ 46.3 ᠬᠤᠪᠢ ᠪᠠᠷ ᠪᠠᠭᠤᠷᠠᠭᠰᠠᠨ ᠦᠵᠡᠭᠦᠯᠦᠯᠲᠡ ᠲᠡᠢ ᠪᠠᠶᠢᠨ᠎ᠠ᠃

ᠰᠡᠳᠬᠢᠭᠳᠡᠯ ᠦᠯᠡᠳᠡᠭᠡᠬᠦ