《ᠤᠯᠠᠭᠠᠨᠪᠠᠭᠠᠲᠤᠷ-2023》ᠨᠠᠭᠠᠳᠤᠮ ᠤᠨ ᠰᠫᠣᠷᠲ ᠤᠨ ᠲᠥᠷᠥᠯ ᠦᠳ ᠢ ᠡᠴᠦᠰᠯᠡᠨ ᠪᠠᠲᠤᠯᠠᠯ᠎ᠠ | News.MN

《ᠤᠯᠠᠭᠠᠨᠪᠠᠭᠠᠲᠤᠷ-2023》ᠨᠠᠭᠠᠳᠤᠮ ᠤᠨ ᠰᠫᠣᠷᠲ ᠤᠨ ᠲᠥᠷᠥᠯ ᠦᠳ ᠢ ᠡᠴᠦᠰᠯᠡᠨ ᠪᠠᠲᠤᠯᠠᠯ᠎ᠠ

ᠵᠡᠭᠦᠨ ᠠᠽᠢᠶ᠎ᠠ ᠶᠢᠨ ᠣᠯᠢᠮᠫ ᠤᠨ ᠬᠣᠷᠢᠶᠠᠳ ᠤᠨ ᠵᠥᠪᠯᠡᠯ ᠦᠨ ᠬᠤᠷᠠᠯ ᠥᠨᠥᠳᠥᠷ ᠴᠠᠬᠢᠮ ᠢᠶᠠᠷ ᠪᠣᠯᠤᠯ᠎ᠠ᠃ ᠬᠡᠯᠡᠯᠴᠡᠬᠦ ᠠᠰᠠᠭᠤᠳᠠᠯ ᠤᠨ ᠲᠥᠯᠦᠪᠯᠡᠭᠡᠨ ᠦ ᠳᠠᠭᠠᠤ ᠮᠣᠩᠭᠣᠯ ᠤᠨ ᠦᠨᠳᠦᠰᠦᠨ ᠦ ᠣᠯᠢᠮᠫ ᠤᠨᠬᠤᠷᠢᠶᠠᠨ ᠤ ᠲᠡᠷᠢᠭᠦᠨ ᠳᠡᠳ᠋ ᠶᠡᠷᠦᠩᠬᠡᠶᠢᠯᠡᠭᠴᠢ ᠪ ∙ ᠪᠠᠲᠤᠲᠦ᠋ᠰᠢᠭ ᠨᠠᠷ ᠮᠡᠨᠳᠦᠴᠢᠯᠡᠭᠡ ᠳᠡᠪᠰᠢᠭᠦᠯᠵᠦ ᠦᠭᠡ ᠬᠡᠯᠡᠭᠰᠡᠨ ᠦ ᠳᠠᠷᠠᠭ᠎ᠠ 《ᠤᠯᠠᠭᠠᠨᠪᠠᠭᠠᠲᠤᠷ-2023》 ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠤᠨ ᠪᠡᠯᠡᠳᠬᠡᠯ ᠠᠵᠢᠯ ᠤᠨ ᠶᠠᠪᠤᠴᠠ ᠶᠢᠨ ᠲᠠᠶᠢᠯᠤᠨ ᠮᠡᠳᠡᠭᠡᠯᠡᠯ ᠢ ᠰᠣᠨᠣᠰᠴᠤ᠂ ᠤᠯᠠᠮ ᠢᠶᠠᠷ ᠨᠠᠭᠠᠳᠤᠮ ᠵᠣᠬᠢᠶᠠᠭᠳᠠᠬᠤ ᠬᠤᠭᠤᠴᠠᠭ᠎ᠠ ᠪᠣᠯᠤᠨ ᠰᠫᠣᠷᠲ ᠤᠨ ᠲᠥᠷᠥᠯ ᠦᠳ ᠢ ᠡᠴᠦᠰᠯᠡᠨ ᠪᠠᠲᠤᠯᠠᠯ᠎ᠠ᠃
ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠰᠫᠣᠷᠲ ᠤᠨ ᠦᠨᠳᠦᠰᠦᠨ 9-10 ᠲᠥᠷᠥᠯ ᠲᠡᠢ ᠪᠠᠶᠢᠳᠠᠭ᠃ ᠡᠭᠦᠨ ᠳᠡᠭᠡᠷ᠎ᠡ ᠵᠣᠬᠢᠶᠠᠨ ᠪᠠᠶᠢᠭᠤᠯᠬᠤ ᠣᠷᠣᠨ  2-3 ᠰᠫᠣᠷᠲ ᠢ ᠰᠠᠨᠠᠯ ᠪᠣᠯᠭᠠᠬᠤ ᠪᠣᠯᠤᠮᠵᠢ ᠲᠠᠢ᠃ ᠮᠠᠨ ᠤ ᠤᠯᠤᠰ  ᠡᠯᠧᠺᠲ᠋ᠷᠣᠨ ᠰᠫᠣᠷᠲ᠂ ᠴᠢᠯᠦᠭᠡᠲᠦ ᠪᠥᠬᠡ᠂ ᠪᠣᠺᠰ ᠤᠨ ᠲᠥᠷᠥᠯ ᠢ ᠰᠠᠨᠠᠯ ᠪᠣᠯᠭᠠᠭᠰᠠᠨ ᠢ ᠵᠡᠭᠦᠨ ᠠᠽᠢᠶ᠎ᠠ ᠶᠢᠨ ᠣᠯᠢᠮᠫ ᠤᠨ ᠬᠣᠷᠢᠶᠠᠳ ᠤᠨ ᠵᠥᠪᠯᠡᠯ ᠳᠡᠮᠵᠢᠨ ᠪᠠᠲᠤᠯᠠᠪᠠ᠃ ᠢᠩᠭᠢᠭᠰᠡᠨ ᠢᠶᠡᠷ 《ᠤᠯᠠᠭᠠᠨᠪᠠᠭᠠᠲᠤᠷ-2023》12 ᠲᠥᠷᠥᠯ ᠢᠶᠡᠷ ᠵᠣᠬᠢᠶᠠᠭᠳᠠᠬᠤ ᠪᠠᠷ ᠪᠣᠯᠪᠠ᠃ ᠲᠡᠭᠦᠨᠴᠢᠯᠡᠨ ᠨᠠᠭᠠᠳᠤᠮ ᠢ 2023 ᠣᠨ ᠤ ᠨᠠᠢ᠌ᠮᠠᠳᠤᠭᠠᠷ ᠰᠠᠷ᠎ᠠ ᠶᠢᠨ 12-19  ᠤ ᠬᠣᠭᠣᠷᠣᠨᠳᠣ ᠨᠠᠢ᠌ᠮᠠᠨ ᠡᠳᠦᠷ ᠦᠨ ᠲᠤᠷᠰᠢ ᠵᠣᠬᠢᠶᠠᠨ ᠪᠠᠶᠢᠭᠤᠯᠬᠤ ᠰᠠᠨᠠᠯ ᠣᠷᠣᠭᠤᠯᠤᠭᠰᠠᠨ ᠢ ᠮᠥᠨ ᠳᠡᠮᠵᠢᠨ ᠪᠠᠲᠤᠯᠠᠯ᠎ᠠ᠃

ᠰᠡᠳᠬᠢᠭᠳᠡᠯ ᠦᠯᠡᠳᠡᠭᠡᠬᠦ