ᠠᠰᠢᠭᠲᠤ ᠮᠠᠯᠲᠠᠮᠠᠯ ᠭᠠᠵᠠᠷ ᠤᠨ ᠲᠣᠰᠤᠨ ᠤ ᠭᠠᠵᠠᠷ ᠠᠴᠠ ᠭᠠᠷᠭᠠᠭᠰᠠᠨ ᠮᠡᠳᠡᠭᠡᠯᠡᠯ ᠢᠶᠡᠷ ᠶᠢᠰᠦᠳᠦᠭᠡᠷ ᠰᠠᠷ᠎ᠠ ᠶᠢᠨ 30 ᠤ ᠪᠠᠶᠢᠳᠠᠯ ᠢᠶᠠᠷ ᠠᠰᠢᠭᠯᠠᠯᠲᠠ ᠶᠢᠨ ᠲᠤᠰᠬᠠᠢ ᠵᠥᠪᠰᠢᠶᠡᠷᠡᠯ 1737᠂ ᠬᠠᠶᠢᠭᠤᠯ ᠤᠨ ᠲᠤᠰᠬᠠᠢ ᠵᠥᠪᠰᠢᠶᠡᠷᠡᠯ 921 ᠪᠠᠶᠢᠨ᠎ᠠ᠃ ᠮᠣᠩᠭᠣᠯ ᠤᠯᠤᠰ 2020 ᠣᠨ ᠳᠤ ᠬᠤᠪᠢ ᠶᠢᠨ ᠬᠥᠷᠥᠩᠭᠡ ᠪᠡᠷ ᠭᠧᠣᠯᠣᠭᠢ᠂ ᠬᠠᠶᠢᠭᠤᠯ ᠤᠨ ᠠᠵᠢᠯ ᠳᠤ 86 ᠲᠡᠷᠪᠤᠮ ᠲᠥᠭᠥᠷᠢᠭ ᠪᠤᠯᠵᠤ᠂ ᠡᠨᠡ ᠨᠢ ᠡᠮᠦᠨᠡᠬᠢ ᠣᠨ ᠠᠴᠠ 39.2 ᠣᠷᠴᠢᠮ ᠬᠤᠪᠢ ᠪᠠᠷ ᠪᠠᠭᠤᠷᠠᠭᠰᠠᠨ ᠳ᠋ᠦᠩ ᠪᠣᠯᠵᠠᠢ᠃
《ᠮᠣᠩᠭᠣᠯᠤᠷᠠᠰᠴᠸᠧᠲ᠋ᠮᠧᠨᠲ》ᠲᠥᠷᠥ ᠶᠢᠨ ᠥᠮᠴᠢᠲᠤ ᠦᠢᠯᠡᠳᠪᠦᠷᠢ ᠶᠢᠨ ᠭᠠᠵᠠᠷ ᠨᠡᠶᠢᠲᠡ 15 ᠮᠢᠩᠭ᠎ᠠ 800 ᠭᠠ ᠲᠠᠯᠠᠪᠠᠢ ᠶᠢ ᠬᠠᠮᠤᠷᠤᠭᠰᠠᠨ 28 ᠲᠤᠰᠬᠠᠢ ᠵᠥᠪᠰᠢᠶᠡᠷᠡᠯ ᠲᠡᠢ ᠪᠥᠭᠡᠳ ᠳᠣᠲᠣᠭᠠᠳᠤ ᠶᠢᠨ ᠺᠣᠮᠫᠠᠨᠢ ᠨᠤᠭᠤᠳ ᠠᠴᠠ ᠬᠠᠮᠤᠭ ᠤᠨ ᠣᠯᠠᠨ ᠲᠤᠰᠬᠠᠢ ᠵᠥᠪᠰᠢᠶᠡᠷᠡᠯ ᠲᠡᠢ ᠺᠣᠮᠫᠠᠨᠢ ᠶᠤᠮ᠃ ᠬᠠᠷᠢᠨ ᠭᠠᠳᠠᠭᠠᠳᠤ ᠶᠢᠨ ᠬᠥᠷᠥᠩᠭᠡ ᠶᠢᠨ ᠪᠢᠷᠵᠢ ᠳᠦ ᠪᠦᠷᠢᠳᠬᠡᠯ ᠲᠡᠢ ᠺᠣᠮᠫᠠᠨᠢ ᠨᠤᠭᠤᠳ ᠠᠴᠠ Ion Energy ᠺᠣᠮᠫᠠᠨᠢ 111 ᠮᠢᠩᠭᠠᠨ ᠭᠠ ᠲᠠᠯᠠᠪᠠᠢ ᠶᠢ ᠬᠠᠮᠤᠷᠤᠭᠰᠠᠨ ᠬᠣᠶᠠᠷ ᠲᠤᠰᠬᠠᠢ ᠵᠥᠪᠰᠢᠶᠡᠷᠡᠯ ᠲᠡᠢ᠃