ᠬᠦᠮᠦᠨ ᠦ ᠡᠷᠬᠡ ᠶᠢ ᠬᠠᠮᠠᠭᠠᠯᠠᠬᠤ ᠪᠠᠶᠢᠳᠠᠯ ᠰᠠᠶᠢᠵᠢᠷᠠᠭᠰᠠᠨ ᠭᠡᠵᠦ ᠳ᠋ᠦᠩᠨᠡᠵᠡᠢ | News.MN

ᠬᠦᠮᠦᠨ ᠦ ᠡᠷᠬᠡ ᠶᠢ ᠬᠠᠮᠠᠭᠠᠯᠠᠬᠤ ᠪᠠᠶᠢᠳᠠᠯ ᠰᠠᠶᠢᠵᠢᠷᠠᠭᠰᠠᠨ ᠭᠡᠵᠦ ᠳ᠋ᠦᠩᠨᠡᠵᠡᠢ

ᠮᠣᠩᠭᠣᠯ ᠤᠯᠤᠰ ᠲᠤ ᠬᠦᠮᠦᠨ ᠦ ᠡᠷᠬᠡ ᠶᠢ ᠬᠠᠮᠠᠭᠠᠯᠠᠬᠤ ᠪᠠᠶᠢᠳᠠᠯ ᠰᠠᠶᠢᠵᠢᠷᠠᠵᠤ᠂ ᠨᠢᠭᠡ ᠲᠦᠪᠰᠢᠨ ᠠᠬᠢᠯ᠎ᠠ ᠭᠡᠵᠦ 197 ᠣᠷᠣᠨ ᠤ ᠬᠦᠮᠦᠨ ᠦ ᠦᠨᠳᠦᠰᠦᠨ ᠡᠷᠬᠡ ᠴᠢᠯᠦᠭᠡ ᠶᠢ ᠦᠨᠡᠯᠡᠵᠦ᠂ ᠬᠢᠨᠠᠳᠠᠭ ᠣᠯᠠᠨ ᠤᠯᠤᠰ ᠤᠨ ᠰᠤᠳᠤᠯᠭᠠᠨ ᠤ CIVICUS ᠪᠠᠶᠢᠭᠤᠯᠤᠯᠭ᠎ᠠ ᠶᠢᠨ ᠭᠠᠷᠭᠠᠭᠰᠠᠨ ᠲᠠᠢᠯᠤᠨ ᠳᠤ ᠳᠤᠷᠠᠳᠴᠠᠢ᠃
ᠤᠭ ᠲᠠᠢᠯᠤᠨ ᠳᠤ ᠳᠤᠷᠠᠳᠤᠭᠰᠠᠨ ᠢᠶᠠᠷ᠂ 2021 ᠣᠨ ᠳᠤ ᠵᠥᠪᠬᠡᠨ ᠮᠣᠩᠭᠣᠯ ᠤᠯᠤᠰ ᠲᠤ ᠬᠦᠮᠦᠨ ᠦ ᠡᠷᠬᠡ ᠶᠢᠨ ᠢᠨᠳᠧᠺᠰ ᠰᠠᠶᠢᠵᠢᠷᠠᠭᠰᠠᠨ ᠪᠣᠯ ᠦᠭᠡᠷ᠎ᠡ 13 ᠣᠷᠣᠨ ᠳᠤ ᠡᠨᠡ ᠦᠵᠡᠭᠦᠯᠦᠯᠲᠡ ᠪᠠᠭᠤᠷᠠᠵᠠᠢ᠃ ᠬᠡᠪᠯᠡᠯ ᠦᠨ ᠡᠷᠬᠡ ᠴᠢᠯᠦᠭᠡᠲᠦ ᠪᠠᠶᠢᠳᠠᠯ ᠨᠡᠮᠡᠭᠳᠡᠭᠰᠡᠨ ᠪᠣᠯᠤᠨ ᠬᠦᠮᠦᠨ ᠦ ᠡᠷᠬᠡ ᠶᠢ ᠬᠠᠮᠠᠭᠠᠯᠠᠭᠴᠢᠳ ᠢ ᠬᠠᠮᠠᠭᠠᠯᠠᠬᠤ ᠰᠢᠨ᠎ᠡ ᠬᠠᠤᠯᠢ ᠪᠠᠲᠤᠯᠠᠭᠳᠠᠭᠰᠠᠨ ᠨᠢ ᠮᠣᠩᠭᠣᠯ ᠳᠤ ᠬᠦᠮᠦᠨ ᠦ ᠡᠷᠬᠡ ᠶᠢ ᠬᠠᠮᠠᠭᠠᠯᠠᠬᠤ ᠪᠠᠶᠢᠳᠠᠯ ᠰᠠᠶᠢᠵᠢᠷᠠᠬᠤ ᠨᠥᠬᠥᠴᠡᠯ ᠢ ᠪᠦᠷᠢᠳᠦᠭᠦᠯᠦᠭᠰᠡᠨ ᠬᠡᠮᠡᠨ ᠳᠤᠷᠠᠳᠤᠭᠰᠠᠨ ᠪᠠᠶᠢᠨ᠎ᠠ᠃
ᠮᠣᠩᠭᠣᠯ ᠳ᠋ᠡᠬᠢ ᠬᠦᠮᠦᠨ ᠦ ᠡᠷᠬᠡ ᠶᠢ ᠬᠠᠮᠠᠭᠠᠯᠠᠭᠴᠢᠳ ᠡᠮᠦᠨ᠎ᠡ ᠨᠢ ᠢᠯᠭᠠᠪᠤᠷᠢᠯᠠᠨ ᠭᠠᠳᠠᠭᠤᠷᠬᠠᠬᠤ᠂ ᠳᠠᠷᠤᠮᠲᠠᠯᠠᠬᠤ᠂ ᠠᠶᠤᠯᠭᠠᠨ ᠰᠦᠷᠳᠡᠭᠦᠯᠬᠦ ᠵᠡᠷᠭᠡ ᠦᠢᠯᠡᠳᠦᠯ ᠦᠳ ᠲᠡᠢ ᠨᠢᠭᠤᠷ ᠲᠤᠯᠭᠠᠷᠠᠵᠤ ᠪᠠᠶᠢᠭᠰᠠᠨ ᠪᠣᠯ ᠣᠳᠣ ᠲᠡᠳᠡ ᠰᠢᠨ᠎ᠡ ᠬᠠᠤᠯᠢ ᠪᠠᠷ ᠬᠠᠮᠠᠭᠠᠯᠠᠯᠲᠠ ᠳᠤ ᠣᠷᠣᠵᠤ᠂ ᠥᠪᠡᠷ ᠦᠨ ᠡᠷᠬᠡ ᠪᠡᠨ ᠡᠳ᠋ᠯᠡᠵᠦ᠂ ᠳᠡᠮᠵᠢᠯᠭᠡ ᠠᠪᠬᠤ ᠪᠣᠯᠤᠮᠵᠢ ᠲᠠᠢ ᠪᠣᠯᠤᠭᠰᠠᠨ ᠶᠤᠮ᠃
ᠮᠣᠩᠭᠣᠯ ᠤᠯᠤᠰ ᠨᠢ ᠮᠥᠨ ᠬᠦᠮᠦᠨ ᠦ ᠡᠷᠬᠡ ᠶᠢ ᠬᠠᠮᠠᠭᠠᠯᠠᠭᠴᠢᠳ ᠢ ᠬᠠᠮᠠᠭᠠᠯᠠᠬᠤ ᠬᠣᠷᠢᠶ᠎ᠠ ᠪᠠᠶᠢᠭᠤᠯᠬᠤ ᠠᠵᠢᠯ ᠢ ᠡᠬᠢᠯᠡᠭᠦᠯᠦᠭᠡᠳ ᠪᠠᠶᠢᠭ᠎ᠠ ᠶᠢᠨ ᠵᠡᠷᠭᠡᠴᠡᠭᠡ ᠢᠳᠡᠪᠬᠢᠲᠡᠨ ᠨᠦᠭᠦᠳ ᠲᠦ ᠳᠡᠮᠵᠢᠯᠭᠡ ᠦᠵᠡᠭᠦᠯᠬᠦ ᠵᠣᠷᠢᠯᠭ᠎ᠠ ᠪᠠᠷ ᠬᠦᠮᠦᠨ ᠦ ᠡᠷᠬᠡ ᠶᠢᠨ ᠺᠣᠮᠢᠰ ᠤᠨ ᠦᠢᠯᠡ ᠠᠵᠢᠯᠯᠠᠭ᠎ᠠ ᠶᠢ ᠥᠷᠭᠡᠵᠢᠭᠦᠯᠬᠦ ᠪᠡᠷ ᠠᠵᠢᠯᠯᠠᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ