ᠪᠠᠷᠠᠭᠤᠨ ᠪᠥᠰᠡ ᠶᠢᠨ ᠮᠠᠲ᠋ᠧᠮᠠᠲ᠋ᠢᠺ ᠤᠨ ᠲᠡᠮᠡᠴᠡᠭᠡᠨ ᠳᠦ ᠪᠠᠶᠠᠨ-ᠥᠯᠥᠭᠡᠢ ᠠᠶᠢᠮᠠᠭ  ᠲᠡᠷᠢᠭᠦᠯᠡᠪᠡ | News.MN

ᠪᠠᠷᠠᠭᠤᠨ ᠪᠥᠰᠡ ᠶᠢᠨ ᠮᠠᠲ᠋ᠧᠮᠠᠲ᠋ᠢᠺ ᠤᠨ ᠲᠡᠮᠡᠴᠡᠭᠡᠨ ᠳᠦ ᠪᠠᠶᠠᠨ-ᠥᠯᠥᠭᠡᠢ ᠠᠶᠢᠮᠠᠭ  ᠲᠡᠷᠢᠭᠦᠯᠡᠪᠡ

ᠮᠣᠩᠭᠣᠯ ᠤᠯᠤᠰ ᠤᠨ ᠠᠷᠠᠳ ᠤᠨ ᠪᠠᠭᠰᠢ᠂ ᠰᠢᠨᠵᠢᠯᠡᠬᠦ ᠤᠬᠠᠭᠠᠨ ᠤ ᠳ᠋ᠣᠺᠲ᠋ᠣᠷ᠂ ᠫᠷᠣᠹᠧᠰᠰᠣᠷ᠂ ᠠᠺᠠᠳᠧᠮᠢᠴᠢ ᠠᠪᠢᠱ ᠤᠨ ᠮᠧᠺᠧᠢ ᠠᠭᠰᠠᠨ ᠤ ᠨᠡᠷᠡᠮᠵᠢᠲᠦ ᠪᠠᠷᠠᠭᠤᠨ ᠪᠥᠰᠡ ᠶᠢᠨ ᠮᠠᠲ᠋ᠧᠮᠠᠲ᠋ᠢᠺ ᠤᠨ ᠳᠤᠯᠤᠳᠠᠬᠢ ᠤᠳᠠᠭ᠎ᠠ ᠶᠢᠨ ᠣᠯᠢᠮᠫᠢᠶᠠᠳ᠋  ᠢ ᠡᠨᠡ ᠰᠠᠷ᠎ᠠ ᠶᠢᠨ 11᠂ 12  ᠳᠤ ᠪᠠᠶᠠᠨ-ᠥᠯᠥᠭᠡᠢ ᠠᠶᠢᠮᠠᠭ ᠤᠨ ᠥᠯᠥᠭᠡᠢ ᠰᠤᠮᠤ ᠶᠢᠨ ᠵᠢᠷᠭᠤᠳᠤᠭᠠᠷ ᠰᠤᠷᠭᠠᠭᠤᠯᠢ ᠳᠤ ᠵᠣᠬᠢᠶᠠᠨ ᠪᠠᠶᠢᠭᠤᠯᠤᠯ᠎ᠠ᠃
ᠲᠡᠮᠡᠴᠡᠭᠡᠨ ᠳᠦ ᠤᠪᠰᠤ ᠠᠶᠢᠮᠠᠭ ᠠᠴᠠ 3᠂ ᠬᠣᠪᠳᠣ ᠠᠶᠢᠮᠠᠭ ᠠᠴᠠ 2᠂ ᠪᠠᠶᠠᠨᠬᠣᠩᠭᠣᠷ ᠠᠶᠢᠮᠠᠭ ᠠᠴᠠ 2᠂ ᠪᠠᠶᠠᠨ-ᠥᠯᠥᠭᠡᠢ ᠠᠶᠢᠮᠠᠭ ᠠᠴᠠ ᠰᠢᠭᠰᠢᠭᠡ 2᠂ ᠮᠥᠨ ᠲᠤᠰ ᠠᠶᠢᠮᠠᠭ ᠤᠨ ᠰᠤᠮᠤᠳ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠠᠴᠠ ᠲᠤᠰ ᠪᠦᠷᠢ ᠨᠢᠭᠡ᠂ ᠨᠡᠶᠢᠲᠡ ᠳᠦ ᠪᠡᠨ 25 ᠪᠠᠭ ᠤᠨ 300 ᠣᠷᠴᠢᠮ ᠰᠤᠷᠤᠭᠴᠢ ᠣᠷᠣᠯᠴᠠᠵᠤ ᠮᠡᠳᠡᠯᠭᠡ᠂ ᠣᠶᠤᠨ ᠤᠬᠠᠭᠠᠨ ᠢᠶᠠᠨ ᠰᠣᠷᠢᠨ  ᠦᠷᠢᠰᠦᠯᠳᠦᠵᠦ᠂ ᠨᠢᠭᠡᠳᠦᠭᠰᠡᠨ ᠳ᠋ᠦᠩ ᠢᠶᠡᠷ ᠪᠠᠶᠠᠨ-ᠥᠯᠥᠭᠡᠢ ᠠᠶᠢᠮᠠᠭ ᠤᠨ ᠨᠢᠭᠡᠳᠦᠭᠡᠷ ᠪᠠᠭ ᠲᠡᠷᠢᠭᠦᠨ ᠪᠠᠶᠢᠷᠢ  ᠡᠵᠡᠯᠡᠵᠡᠢ᠃

ᠰᠡᠳᠬᠢᠭᠳᠡᠯ ᠦᠯᠡᠳᠡᠭᠡᠬᠦ