Evisa.mn ᠴᠠᠬᠢᠮ ᠰᠢᠰᠲ᠋ᠧᠮ ᠢᠶᠡᠷ 10 ᠤᠯᠤᠰ ᠤᠨ 62 ᠢᠷᠭᠡᠨ ᠳᠦ ᠴᠠᠬᠢᠮ ᠸᠢᠰᠠ ᠣᠯᠭᠤᠵᠠᠢ | News.MN

Evisa.mn ᠴᠠᠬᠢᠮ ᠰᠢᠰᠲ᠋ᠧᠮ ᠢᠶᠡᠷ 10 ᠤᠯᠤᠰ ᠤᠨ 62 ᠢᠷᠭᠡᠨ ᠳᠦ ᠴᠠᠬᠢᠮ ᠸᠢᠰᠠ ᠣᠯᠭᠤᠵᠠᠢ

ᠮᠣᠩᠭᠣᠯ ᠤᠯᠤᠰ ᠲᠤ 12 ᠳ᠋ᠤᠭᠠᠷ ᠰᠠᠷ᠎ᠠ ᠶᠢᠨ 9  ᠦ ᠪᠠᠶᠢᠳᠠᠯ ᠢᠶᠠᠷ 123 ᠤᠯᠤᠰ ᠤᠨ 16951 ᠭᠠᠳᠠᠭᠠᠳᠤ ᠶᠢᠨ ᠢᠷᠭᠡᠨ  ᠲᠦᠷ ᠢᠷᠡᠭᠴᠢ᠂ ᠠᠯᠪᠠᠨ ᠪᠣᠯᠤᠨ ᠬᠤᠪᠢ ᠶᠢᠨ ᠬᠡᠷᠡᠭ ᠢᠶᠡᠷ ᠣᠷᠣᠰᠢᠨ ᠰᠠᠭᠤᠵᠤ ᠪᠠᠶᠢᠨ᠎ᠠ᠃ ᠲᠣᠳᠣᠷᠠᠭᠤᠯᠪᠠᠯ᠂ ᠠᠯᠪᠠᠨ ᠬᠡᠷᠡᠭ ᠢᠶᠡᠷ 299᠂ ᠬᠥᠷᠥᠩᠭᠡ ᠣᠷᠣᠭᠤᠯᠬᠤ ᠪᠠᠷ 1505᠂ ᠬᠥᠳᠡᠯᠮᠦᠷᠢ ᠡᠷᠬᠢᠯᠡᠬᠦ ᠪᠡᠷ 5881᠂ ᠭᠡᠷ ᠪᠦᠯᠢ ᠶᠢᠨ ᠵᠣᠷᠢᠯᠭ᠎ᠠ ᠪᠠᠷ 6372᠂ ᠰᠤᠷᠤᠯᠴᠠᠬᠤ ᠪᠠᠷ 726᠂ ᠴᠠᠭᠠᠴᠢᠯᠠᠬᠤ ᠪᠠᠷ 1869᠂  ᠲᠦᠷ ᠢᠷᠡᠭᠴᠢ ᠪᠡᠷ 303 ᠭᠠᠳᠠᠭᠠᠳᠤ ᠶᠢᠨ ᠢᠷᠭᠡᠨ ᠪᠠᠶᠢᠨ᠎ᠠ᠃
ᠭᠠᠳᠠᠭᠠᠳᠤ ᠶᠢᠨ ᠢᠷᠭᠡᠨ ᠬᠠᠷᠢᠶᠠᠲᠤ ᠶᠢᠨ ᠭᠠᠵᠠᠷ ᠠᠷᠪᠠᠨ ᠨᠢᠭᠡᠳᠦᠭᠡᠷ ᠰᠠᠷ᠎ᠠ ᠳᠤ 583 ᠭᠠᠳᠠᠭᠠᠳᠤ ᠶᠢᠨ ᠢᠷᠭᠡᠨ ᠳᠦ ᠸᠢᠰᠠ ᠶᠢᠨ ᠵᠥᠪᠰᠢᠶᠡᠷᠡᠯ᠂ 102 ᠭᠠᠳᠠᠭᠠᠳᠤ ᠶᠢᠨ ᠢᠷᠭᠡᠨ ᠳᠦ ᠬᠢᠯᠢ ᠶᠢᠨ ᠪᠤᠭᠤᠮᠳᠠ ᠳᠦ ᠸᠢᠰᠡ ᠣᠯᠭᠤᠭᠰᠠᠨ ᠪᠠᠶᠢᠨ᠎ᠠ᠃ ᠮᠥᠨ Evisa.mn ᠴᠠᠬᠢᠮ ᠰᠢᠰᠲ᠋ᠧᠮ ᠢᠶᠡᠷ ᠨᠡᠶᠢᠲᠡ 10 ᠤᠯᠤᠰ ᠤᠨ 62 ᠢᠷᠭᠡᠨ ᠳᠦ ᠴᠠᠬᠢᠮ ᠸᠢᠰᠡ ᠣᠯᠭᠤᠵᠠᠢ᠃ ᠲᠡᠭᠦᠨᠴᠢᠯᠡᠨ ᠡᠷᠬᠡ ᠪᠦᠬᠦᠢ ᠪᠠᠶᠢᠭᠤᠯᠤᠯᠭ᠎ᠠ ᠶᠢᠨ ᠵᠥᠪᠰᠢᠶᠡᠷᠡᠯ ᠢ ᠦᠨᠳᠦᠰᠦᠯᠡᠨ 710 ᠭᠠᠳᠠᠭᠠᠳᠤ ᠶᠢᠨ ᠢᠷᠭᠡᠨ ᠳᠦ ᠮᠣᠩᠭᠣᠯ ᠤᠯᠤᠰ ᠲᠤ ᠣᠷᠣᠰᠢᠨ ᠰᠠᠭᠤᠬᠤ ᠵᠥᠪᠰᠢᠶᠡᠷᠡᠯ ᠣᠯᠭᠤᠵᠤ᠂ 1173 ᠭᠠᠳᠠᠭᠠᠳᠤ ᠶᠢᠨ ᠢᠷᠭᠡᠨ ᠦ ᠣᠷᠣᠰᠢᠨ ᠰᠠᠭᠤᠬᠤ ᠵᠥᠪᠰᠢᠶᠡᠷᠡᠯ ᠦᠨ ᠬᠤᠭᠤᠴᠠᠭ᠎ᠠ ᠶᠢ ᠰᠤᠩᠭᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ