《ᠥᠰᠪᠦᠷᠢ ᠶᠢᠨ ᠰᠡᠷᠭᠡᠶᠢᠯᠡᠭᠴᠢ》ᠴᠠᠬᠢᠮ ᠲᠡᠮᠡᠴᠡᠭᠡᠨ ᠪᠣᠯᠤᠯ᠎ᠠ | News.MN

《ᠥᠰᠪᠦᠷᠢ ᠶᠢᠨ ᠰᠡᠷᠭᠡᠶᠢᠯᠡᠭᠴᠢ》ᠴᠠᠬᠢᠮ ᠲᠡᠮᠡᠴᠡᠭᠡᠨ ᠪᠣᠯᠤᠯ᠎ᠠ

ᠪᠤᠯᠠᠭᠠᠨ ᠠᠶᠢᠮᠠᠭ ᠤᠨ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠠᠵᠢᠯ ᠢ ᠵᠣᠬᠢᠴᠠᠭᠤᠯᠬᠤ ᠰᠠᠯᠪᠤᠷᠢ ᠵᠥᠪᠯᠡᠯ《ᠥᠰᠪᠦᠷᠢ ᠶᠢᠨ ᠰᠡᠷᠭᠡᠶᠢᠯᠡᠭᠴᠢ-2021》ᠰᠢᠯᠢᠳᠡᠭ ᠪᠦᠯᠬᠦᠮ ᠰᠢᠯᠭᠠᠷᠠᠭᠤᠯᠬᠤ ᠲᠡᠮᠡᠴᠡᠭᠡᠨ ᠵᠣᠬᠢᠶᠠᠨ ᠪᠠᠶᠢᠭᠤᠯᠤᠯ᠎ᠠ᠃ ᠠᠶᠢᠮᠠᠭ ᠤᠨ ᠬᠡᠮᠵᠢᠶᠡᠨ ᠦ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠤᠨ ᠳᠡᠷᠭᠡᠳᠡᠬᠢ《ᠥᠰᠪᠦᠷᠢ ᠶᠢᠨ ᠰᠡᠷᠭᠡᠶᠢᠯᠡᠭᠴᠢ》ᠪᠦᠯᠬᠦᠮ ᠦᠨ ᠦᠢᠯᠡ ᠠᠵᠢᠯᠯᠠᠭ᠎ᠠ ᠶᠢ ᠢᠳᠡᠪᠬᠢᠵᠢᠭᠦᠯᠬᠦ᠂ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠠᠵᠢᠯ ᠳᠤ ᠣᠯᠠᠨ ᠨᠡᠶᠢᠲᠡ᠂ ᠰᠤᠷᠭᠠᠭᠤᠯᠢ ᠶᠢᠨ ᠰᠤᠷᠤᠭᠴᠢᠳ᠂ ᠡᠴᠢᠭᠡ ᠡᠬᠡ᠂ ᠨᠡᠶᠢᠭᠡᠮ ᠤᠨ ᠠᠵᠢᠯᠲᠠᠨ ᠤ ᠬᠠᠮᠲᠤ ᠶᠢᠨ ᠠᠵᠢᠯᠯᠠᠭ᠎ᠠ ᠶᠢ ᠰᠠᠶᠢᠵᠢᠷᠠᠭᠤᠯᠬᠤ᠂ ᠪᠦᠯᠬᠦᠮ ᠦᠨ ᠭᠡᠰᠢᠭᠦᠳ ᠦᠨ ᠡᠷᠬᠡ ᠵᠦᠢ ᠶᠢᠨ ᠮᠡᠳᠡᠯᠭᠡ ᠶᠢ ᠳᠡᠭᠡᠭᠰᠢᠯᠡᠭᠦᠯᠬᠦ ᠵᠣᠷᠢᠯᠭ᠎ᠠ ᠪᠠᠷ ᠴᠠᠬᠢᠮ ᠲᠡᠮᠡᠴᠡᠭᠡᠨ ᠬᠢᠯ᠎ᠡ ᠭᠡᠵᠦ ᠠᠶᠢᠮᠠᠭ ᠤᠨ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠠᠵᠢᠯ ᠢ ᠵᠣᠬᠢᠴᠠᠭᠤᠯᠬᠤ ᠰᠠᠯᠪᠤᠷᠢ ᠵᠥᠪᠯᠡᠯ ᠦᠨ ᠨᠠᠷᠢᠨ ᠪᠢᠴᠢᠭ ᠦᠨ ᠳᠠᠷᠤᠭ᠎ᠠ ᠮ∙ᠳᠤᠯᠭᠠᠷ ᠶᠠᠷᠢᠯ᠎ᠠ᠃
《ᠥᠰᠪᠦᠷᠢ ᠶᠢᠨ ᠰᠡᠷᠭᠡᠶᠢᠯᠡᠭᠴᠢ-2021》 ᠴᠠᠬᠢᠮ ᠤᠷᠤᠯᠳᠤᠭᠠᠨ ᠤ ᠲᠡᠷᠢᠭᠦᠨ ᠪᠠᠶᠢᠷᠢ ᠳᠤ ᠪᠤᠯᠠᠭᠠᠨ ᠰᠤᠮᠤ ᠶᠢᠨ 《ᠡᠷᠳᠡᠮ ᠦᠨ ᠥᠷᠭᠥᠭᠡ》ᠯᠠᠪᠤᠷᠠᠲ᠋ᠣᠷᠢ ᠰᠤᠷᠭᠠᠭᠤᠯᠢ ᠶᠢᠨ ᠠ᠊ ∙ ᠮᠦᠩᠬᠡᠱᠢᠷᠤ ᠠᠬᠠᠯᠠᠭᠴᠢ ᠲᠠᠢ 《ᠰᠦᠯᠳᠡ》 ᠪᠦᠯᠬᠦᠮ᠂ ᠳᠡᠳ᠋ ᠪᠠᠶᠢᠷᠢ ᠳᠤ ᠪᠤᠯᠠᠭᠠᠨ ᠰᠤᠮᠤ ᠶᠢᠨ ᠶᠡᠷᠦᠩᠬᠡᠢ ᠪᠣᠯᠪᠠᠰᠤᠷᠠᠯ ᠤᠨ ᠨᠢᠭᠡᠳᠦᠭᠡᠷ ᠰᠤᠷᠭᠠᠭᠤᠯᠢ ᠶᠢᠨ ᠲ ∙ ᠨᠠᠮᠤᠭᠤᠨ ᠠᠬᠠᠯᠠᠭᠴᠢ ᠲᠠᠢ 《ᠢᠷᠡᠭᠡᠳᠦᠢ》 ᠪᠦᠯᠬᠦᠮ᠂ ᠭᠤᠲᠠᠭᠠᠷ ᠪᠠᠶᠢᠷᠢ ᠳᠤ ᠰᠠᠶᠢᠬᠠᠨ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠭ ∙ ᠸᠴᠢᠷᠰᠦ᠋ᠷᠤᠩ ᠠᠬᠠᠯᠠᠭᠴᠢ ᠲᠠᠢ 《ᠰᠣᠨᠣᠷ》 ᠪᠦᠯᠬᠦᠮ ᠰᠢᠯᠭᠠᠷᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ