ᠰᠤᠶᠤᠯ ᠤᠨ ᠡᠯᠴᠢ ᠨᠠᠷ ᠤᠨ ᠭᠤᠷᠪᠠᠳᠤᠭᠠᠷ ᠴᠢᠭᠤᠯᠭ᠎ᠠ ᠠᠭᠤᠯᠵᠠᠯᠲᠠ ᠪᠣᠯᠪᠠ | News.MN

ᠰᠤᠶᠤᠯ ᠤᠨ ᠡᠯᠴᠢ ᠨᠠᠷ ᠤᠨ ᠭᠤᠷᠪᠠᠳᠤᠭᠠᠷ ᠴᠢᠭᠤᠯᠭ᠎ᠠ ᠠᠭᠤᠯᠵᠠᠯᠲᠠ ᠪᠣᠯᠪᠠ

ᠮᠣᠩᠭᠣᠯ ᠤᠯᠤᠰ ᠤᠨ ᠰᠤᠶᠤᠯ ᠤᠨ ᠡᠯᠴᠢ ᠨᠠᠷ ᠤᠨ ᠡᠭᠡᠯᠵᠢᠲᠦ ᠭᠤᠷᠪᠠᠳᠤᠭᠠᠷ ᠴᠢᠭᠤᠯᠭ᠎ᠠ ᠠᠭᠤᠯᠵᠠᠯᠲᠠ 2021 ᠣᠨ ᠤ 12 ᠳ᠋ᠤᠭᠠᠷ ᠰᠠᠷ᠎ᠠ ᠶᠢᠨ 10 ᠳᠤ ᠭᠠᠳᠠᠭᠠᠳᠤ ᠬᠠᠷᠢᠯᠴᠠᠭᠠᠨ ᠤ ᠶᠠᠮᠤᠨ ᠳᠤ ᠴᠠᠬᠢᠮ ᠪᠣᠯᠤᠨ ᠲᠠᠩᠬᠢᠮ ᠬᠣᠣᠰᠯᠠᠭᠰᠠᠨ ᠬᠡᠯᠪᠡᠷᠢ ᠪᠡᠷ ᠪᠣᠯᠪᠠ᠃ ᠠᠭᠤᠯᠵᠠᠯᠲᠠ ᠶᠢ ᠨᠡᠭᠡᠭᠡᠵᠦ ᠭᠠᠳᠠᠭᠠᠳᠤ ᠬᠠᠷᠢᠯᠴᠠᠭᠠᠨ ᠤ ᠶᠠᠮᠤᠨ ᠤ ᠰᠠᠶᠢᠳ ᠪ ∙ ᠪᠠᠲᠤᠴᠡᠴᠡᠭ ᠦᠭᠡ ᠬᠡᠯᠡᠵᠦ᠂  ᠭᠠᠳᠠᠭᠠᠳᠤ ᠰᠤᠷᠲᠠᠯᠴᠢᠯᠠᠭ᠎ᠠ᠂ ᠰᠤᠶᠤᠯ ᠤᠨ ᠬᠠᠷᠢᠯᠴᠠᠭᠠᠨ ᠤ ᠭᠠᠵᠠᠷ ᠤᠨ ᠵᠠᠬᠢᠷᠤᠯ ᠳ∙ᠪᠤᠯᠠᠭᠠᠨ᠂ ᠰᠤᠶᠤᠯ ᠤᠨ ᠶᠠᠮᠤᠨ ᠤ ᠭᠠᠳᠠᠭᠠᠳᠤ ᠬᠠᠮᠲᠤ ᠶᠢᠨ ᠠᠵᠢᠯᠯᠠᠭᠠᠨ ᠤ ᠬᠡᠯᠲᠡᠰ ᠦᠨ ᠳᠠᠷᠤᠭ᠎ᠠ ᠪ∙ᠭᠠᠷᠤᠳᠢ ᠪᠣᠯᠤᠨ ᠰᠤᠶᠤᠯ ᠤᠨ ᠡᠯᠴᠢ ᠨᠠᠷ ᠢ ᠲᠥᠯᠥᠭᠡᠯᠡᠨ ᠮᠣᠩᠭᠣᠯ ᠤᠯᠤᠰ ᠤᠨ ᠰᠤᠶᠤᠯ ᠤᠨ ᠭᠠᠪᠢᠶᠠᠲᠤ ᠵᠢᠳᠬᠦᠯᠲᠡᠨ ᠬ ∙ ᠳᠠᠮᠳᠢᠨᠰᠦ᠋ᠷᠦᠩ ᠢᠯᠡᠳᠬᠡᠯ ᠲᠠᠯᠪᠢᠪᠠ
ᠪ∙ᠪᠠᠲᠤᠴᠡᠴᠡᠭ ᠠᠭᠤᠯᠵᠠᠯᠲᠠ ᠶᠢ ᠨᠡᠭᠡᠭᠡᠵᠦ ᠬᠡᠯᠡᠭᠰᠡᠨ ᠦᠭᠡᠨ ᠳᠦ ᠪᠡᠨ᠄ ᠰᠤᠶᠤᠯ ᠤᠨ ᠳ᠋ᠢᠫᠯᠣᠮᠠᠲ ᠬᠠᠷᠢᠯᠴᠠᠭ᠎ᠠ ᠤᠯᠤᠰ ᠦᠨᠳᠦᠰᠦᠲᠡᠨ ᠦ ᠰᠡᠳᠬᠢᠯ ᠵᠢᠷᠦᠬᠡ ᠶᠢ ᠬᠣᠯᠪᠣᠭᠰᠠᠨ ᠭᠦᠭᠦᠷᠭᠡ ᠪᠣᠯᠳᠠᠭ ᠲᠤᠯᠠ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠳᠤ ᠴᠢᠬᠤᠯᠠ ᠠᠴᠢ ᠬᠣᠯᠪᠣᠭᠳᠠᠯ ᠲᠠᠢ ᠭᠡᠳᠡᠭ ᠢ ᠤᠯᠠᠮ ᠪᠦᠷ ᠬᠦᠯᠢᠶᠡᠨ ᠵᠦᠪᠰᠢᠶᠡᠷᠡᠵᠦ᠂ ᠣᠨᠴᠠᠭᠠᠢ ᠠᠩᠬᠠᠷᠤᠯ ᠲᠠᠯᠪᠢᠳᠠᠭ ᠪᠣᠯᠤᠭᠰᠠᠨ ᠡᠨᠡ ᠴᠠᠭ ᠦᠶ᠎ᠡ ᠳᠦ ᠰᠤᠶᠤᠯ ᠤᠨ ᠡᠯᠴᠢ ᠶᠢᠨ ᠡᠷᠬᠢᠮ ᠡᠭᠦᠷᠭᠡ ᠶᠢ ᠬᠦᠯᠢᠶᠡᠭᠰᠡᠨ ᠲᠠ ᠪᠦᠬᠦᠨ ᠡᠬᠡ ᠣᠷᠣᠨ ᠤ ᠪᠠᠨ ᠬᠥᠭᠵᠢᠯ ᠦᠨ ᠪᠣᠳᠣᠯᠭ᠎ᠠ ᠶᠢ ᠬᠡᠷᠡᠭᠵᠢᠭᠦᠯᠬᠦ ᠳᠦ ᠦᠨᠡᠲᠡᠢ ᠬᠤᠪᠢ ᠨᠡᠮᠡᠷᠢ ᠣᠷᠣᠭᠤᠯᠵᠤ ᠴᠢᠳᠠᠨ᠎ᠠ ᠭᠡᠳᠡᠭ ᠲᠦ ᠢᠲᠡᠭᠡᠯ ᠲᠡᠢ ᠪᠠᠶᠢᠳᠠᠭ᠃ ᠬᠠᠷᠢᠯᠴᠠᠭᠠᠨ ᠤ ᠡᠨᠡ ᠴᠢᠭ ᠱᠤᠭᠤᠮ ᠤᠷᠲᠤ ᠬᠤᠭᠤᠴᠠᠭᠠᠨ ᠤ ᠲᠤᠷᠰᠢᠳᠠ᠂ ᠲᠠᠰᠤᠷᠠᠯᠲᠠ ᠦᠭᠡᠢ᠂ ᠲᠤᠤᠱᠲᠠᠢ ᠬᠡᠷᠡᠭᠵᠢᠭᠦᠯᠬᠦ ᠶᠣᠰᠣᠲᠠᠢ ᠵᠥᠭᠡᠯᠡᠨ ᠬᠦᠴᠦᠨ ᠦ ᠪᠣᠳᠣᠯᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠥᠭᠡᠳ ᠲᠠ ᠪᠦᠬᠦᠨ ᠮᠡᠳᠡᠯᠭᠡ ᠪᠣᠯᠪᠠᠰᠤᠷᠠᠯ᠂ ᠠᠪᠢᠶᠠᠰ ᠴᠢᠳᠠᠪᠤᠷᠢ᠂ ᠨᠡᠶᠢᠭᠡᠮ ᠳ᠋ᠡᠬᠢ ᠨᠥᠯᠥᠭᠡᠯᠡᠯ᠂ ᠪᠠᠶᠢᠷᠢ ᠰᠠᠭᠤᠷᠢ᠂ ᠬᠠᠷᠢᠯᠴᠠᠭ᠎ᠠ ᠬᠣᠯᠪᠣᠭ᠎ᠠ ᠪᠠᠨ ᠠᠰᠢᠭᠯᠠᠨ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠳᠤ ᠪᠣᠳᠠᠲᠠᠢ ᠳᠡᠮᠵᠢᠯᠭᠡ ᠦᠵᠡᠭᠦᠯᠵᠦ᠂ ᠨᠠᠶᠢᠳᠠᠪᠤᠷᠢᠲᠠᠢ ᠲᠦᠰᠢᠭ ᠲᠤᠯᠭᠠᠭᠤᠷᠢ ᠪᠣᠯᠤᠨ᠎ᠠ ᠭᠡᠳᠡᠭ ᠲᠦ ᠡᠷᠡᠭᠡᠯᠵᠡᠬᠦ ᠦᠭᠡᠢ ᠪᠠᠶᠢᠨ᠎ᠠ ᠭᠡᠯ᠎ᠡ᠃ ᠴᠢᠭᠤᠯᠭ᠎ᠠ ᠠᠭᠤᠯᠵᠠᠯᠲᠠ ᠪᠠᠷ ᠭᠠᠳᠠᠭᠠᠳᠤ ᠬᠠᠷᠢᠯᠴᠠᠭᠠᠨ ᠤ ᠶᠠᠮᠤᠨ 《ᠳᠡᠯᠡᠬᠡᠢ ᠶᠢᠨ ᠮᠣᠩᠭᠣᠯᠴᠤᠳ-II》᠂ 《ᠮᠣᠩᠭᠣᠯ ᠦᠨᠳᠦᠰᠦᠲᠡᠨ ᠦ ᠦᠨᠡᠯᠡᠮᠵᠢ》ᠴᠣᠭᠴᠠ ᠠᠷᠭ᠎ᠠ ᠬᠡᠮᠵᠢᠶ᠎ᠡ ᠶᠢ ᠲᠤᠰ ᠲᠤᠰ ᠲᠠᠨᠢᠯᠴᠠᠭᠤᠯᠪᠠ᠃
ᠥᠨᠥᠳᠥᠷ ᠦᠨ ᠪᠠᠶᠢᠳᠠᠯ ᠢᠶᠠᠷ ᠮᠠᠨ ᠤ ᠤᠯᠤᠰ ᠶᠡᠬᠡ  ᠪᠷᠢᠲ᠋ᠠᠨ᠂ ᠰᠢᠩᠭᠠᠫᠦᠷ᠂  ᠢᠨᠳᠤᠨᠢᠰᠢᠶ᠎ᠠ᠂ ᠣᠷᠣᠰ ᠂ ᠬᠠᠰᠠᠭᠰᠲ᠋ᠠᠨ᠂ ᠺᠢᠷᠭᠢᠽ᠂ ᠭᠧᠷᠮᠠᠨ᠂ ᠶᠠᠫᠣᠨ᠂ ᠠᠮᠧᠷᠢᠺᠠ᠂  ᠪᠦᠭᠦᠳᠠ ᠨᠠᠢᠷᠠᠮᠳᠠᠬᠤ ᠰᠤᠯᠤᠩᠭᠤᠰ᠂ ᠲᠦᠷᠺ᠂ ᠠᠦᠢᠰᠲᠷᠢ᠂ ᠠᠦᠢᠰᠲᠷᠠᠯᠢᠶ᠎ᠠ᠂ ᠢᠰᠫᠠᠨᠢ᠂ ᠡᠨᠡᠳᠬᠡᠭ ᠵᠡᠷᠭᠡ  18 ᠤᠯᠤᠰ ᠲᠤ 52 ᠰᠤᠶᠤᠯ  ᠦᠨ ᠡᠯᠴᠢ ᠲᠣᠮᠢᠯᠠᠭᠰᠠᠨ ᠪᠥᠭᠡᠳ 32 ᠨᠢ ᠮᠣᠩᠭᠣᠯ ᠤᠯᠤᠰ ᠤᠨ ᠢᠷᠭᠡᠨ᠂ 20 ᠨᠢ ᠭᠠᠳᠠᠭᠠᠳᠤ ᠶᠢᠨ ᠢᠷᠭᠡᠨ ᠪᠠᠶᠢᠳᠠᠭ᠃

 

ᠰᠡᠳᠬᠢᠭᠳᠡᠯ ᠦᠯᠡᠳᠡᠭᠡᠬᠦ