ᠤ᠊∙ᠬᠦᠷᠡᠯᠰᠦ᠋ᠬᠡ ᠮᠣᠰᠺᠸᠠ ᠬᠤᠲᠠ ᠳᠤ ᠬᠦᠷᠦᠯᠴᠡᠨ ᠣᠴᠢᠪᠠ | News.MN

ᠤ᠊∙ᠬᠦᠷᠡᠯᠰᠦ᠋ᠬᠡ ᠮᠣᠰᠺᠸᠠ ᠬᠤᠲᠠ ᠳᠤ ᠬᠦᠷᠦᠯᠴᠡᠨ ᠣᠴᠢᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠣᠷᠣᠰ  ᠲᠤ ᠠᠯᠪᠠᠨ ᠶᠣᠰᠣᠨ ᠤ ᠠᠶᠢᠯᠴᠢᠯᠠᠯ ᠬᠢᠬᠦ ᠪᠡᠷ ᠮᠣᠰᠺᠸᠠ ᠬᠤᠲᠠᠨ᠎ᠠ ᠬᠦᠷᠦᠯᠴᠡᠨ ᠣᠴᠢᠪᠠ᠃ ᠲᠡᠭᠦᠨ ᠢ ᠣᠩᠭᠣᠴᠠᠨ ᠤ ᠪᠠᠭᠤᠳᠠᠯ ᠳᠤ ᠮᠣᠩᠭᠣᠯ ᠤᠯᠤᠰ ᠠᠴᠠ ᠣᠷᠣᠰ ᠤᠨ ᠬᠣᠯᠪᠣᠭᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠥ᠊∙ᠡᠩᠬᠡᠲᠦ᠋ᠪᠰᠢᠨ᠂ ᠣᠷᠣᠰ ᠤᠨ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠢ᠂ ᠸ᠂  ᠮᠤᠷᠭᠤᠯᠤᠸ᠋ ᠨᠠᠷ ᠤᠭᠲᠤᠨ ᠠᠪᠴᠠᠢ᠃
ᠤ᠊∙ᠬᠦᠷᠡᠯᠰᠦ᠋ᠬᠡ 2021 ᠣᠨ ᠤ 12 ᠳ᠋ᠤᠭᠠᠷ ᠰᠠᠷ᠎ᠠ ᠶᠢᠨ 16  ᠳᠤ ᠣᠷᠣᠰ ᠤᠨ ᠶᠡᠷᠦᠩᠬᠡᠶᠢᠯᠡᠭᠴᠢ ᠸ∙ ᠸ∙ ᠫᠦᠲ᠋ᠢᠨ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠨ᠎ᠠ᠃ ᠠᠶᠢᠯᠴᠢᠯᠠᠯ ᠤᠨ ᠦᠶ᠎ᠡ ᠪᠡᠷ ᠮᠥᠨ《ᠮᠣᠩᠭᠣᠯ᠂ ᠣᠷᠣᠰ  ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ100 ᠵᠢᠯ ᠦᠨ ᠣᠢ ᠶᠢᠨ ᠬᠠᠮᠲᠤᠷᠠᠭᠰᠠᠨ ᠲᠤᠩᠬᠠᠭᠯᠠᠯ》ᠭᠠᠷᠭᠠᠵᠤ᠂ ᠵᠠᠷᠢᠮ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠪᠠᠷᠢᠮᠲᠠ ᠪᠢᠴᠢᠭ ᠲᠦ ᠭᠠᠷ ᠤᠨ ᠦᠰᠦᠭ ᠵᠢᠷᠤᠨ᠎ᠠ᠃

ᠰᠡᠳᠬᠢᠭᠳᠡᠯ ᠦᠯᠡᠳᠡᠭᠡᠬᠦ