ᠮᠠᠨ ᠤ ᠤᠯᠤᠰ ᠡᠨᠡ ᠣᠨ ᠤ ᠡᠬᠢᠨ ᠦ ᠠᠷᠪᠠᠨ ᠨᠢᠭᠡᠨ ᠰᠠᠷ᠎ᠠ ᠶᠢᠨ ᠪᠠᠶᠢᠳᠠᠯ ᠢᠶᠠᠷ 156 ᠤᠯᠤᠰ ᠲᠠᠢ ᠬᠤᠳᠠᠯᠳᠤᠭ᠎ᠠ ᠬᠢᠵᠦ᠂ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 15 ᠲᠡᠷᠪᠤᠮ ᠳ᠋ᠣᠯᠯᠠᠷ ᠲᠤ ᠬᠦᠷᠴᠡᠢ᠃ ᠡᠭᠦᠨ ᠳᠦ ᠡᠺᠰᠫᠣᠷᠲ 8.8 ᠲᠡᠷᠪᠤᠮ᠂ ᠢᠮᠫᠣᠷᠲ 6.2 ᠲᠡᠷᠪᠤᠮ ᠳ᠋ᠣᠯᠯᠠᠷ ᠪᠠᠶᠢᠨ᠎ᠠ᠃
ᠭᠠᠳᠠᠭᠠᠳᠤ ᠬᠤᠳᠠᠯᠳᠤᠭᠠᠨ ᠤ ᠲᠡᠩᠴᠡᠯ 2.6 ᠲᠡᠷᠪᠤᠮ ᠳ᠋ᠣᠯᠯᠠᠷ ᠤᠨ ᠠᠰᠢᠭ ᠲᠠᠢ ᠭᠠᠷᠴᠤ᠂ ᠡᠮᠦᠨᠡᠬᠢ ᠣᠨ ᠤ ᠮᠥᠨ ᠦᠶ᠎ᠡ ᠡᠴᠡ 673 ᠰᠠᠶ᠎ᠠ ᠳ᠋ᠣᠯᠯᠠᠷ ᠢᠶᠠᠷ ᠥᠰᠴᠠᠢ᠃ ᠬᠢᠲᠠᠳ ᠲᠠᠢ ᠡᠬᠢᠨ ᠦ 11 ᠰᠠᠷ᠎ᠠ ᠳᠤ 9.7 ᠲᠡᠷᠪᠤᠮ ᠳ᠋ᠣᠯᠯᠠᠷ ᠤᠨ ᠬᠤᠳᠠᠯᠳᠤᠭ᠎ᠠ ᠬᠢᠭᠰᠡᠨ ᠨᠢ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ ᠶᠢᠨ 64 ᠬᠤᠪᠢ ᠶᠢ ᠡᠵᠡᠯᠡᠵᠡᠢ᠃ ᠬᠢᠲᠠᠳ ᠲᠤ ᠡᠺᠰᠫᠣᠷᠲᠯᠠᠭᠰᠠᠨ ᠪᠦᠲᠦᠭᠡᠭᠳᠡᠬᠦᠨ ᠦ 31 ᠬᠤᠪᠢ ᠶᠢ ᠴᠢᠯᠠᠭᠤᠨ ᠨᠡᠭᠦᠷᠡᠰᠦ᠂ 38 ᠬᠤᠪᠢ ᠶᠢ ᠵᠡᠰ ᠦᠨ ᠪᠠᠶᠠᠵᠢᠮᠠᠯ ᠡᠵᠡᠯᠡᠵᠦ ᠪᠠᠢᠨ᠎ᠠ᠃