ᠪᠡᠶ᠎ᠡ ᠪᠡᠶᠡᠯᠡᠭᠡ ᠶᠢ ᠥᠪᠯᠡᠭᠦᠯᠦᠨ ᠤᠯᠠᠮᠵᠢᠯᠠᠭᠤᠯᠬᠤ ᠲᠥᠰᠥᠯ ᠳᠦ 172 ᠮᠢᠩᠭᠠᠨ ᠳ᠋ᠣᠯᠯᠠᠷ ᠵᠠᠷᠤᠴᠠᠭᠤᠯᠤᠨ᠎ᠠ | News.MN

ᠪᠡᠶ᠎ᠡ ᠪᠡᠶᠡᠯᠡᠭᠡ ᠶᠢ ᠥᠪᠯᠡᠭᠦᠯᠦᠨ ᠤᠯᠠᠮᠵᠢᠯᠠᠭᠤᠯᠬᠤ ᠲᠥᠰᠥᠯ ᠳᠦ 172 ᠮᠢᠩᠭᠠᠨ ᠳ᠋ᠣᠯᠯᠠᠷ ᠵᠠᠷᠤᠴᠠᠭᠤᠯᠤᠨ᠎ᠠ

ᠶᠤᠨᠧᠰᠺᠤ ᠶᠢᠨ ᠰᠤᠶᠤᠯ ᠤᠨ ᠪᠡᠶᠡᠲᠦ ᠪᠤᠰᠤ ᠥᠪ ᠢ ᠬᠠᠮᠠᠭᠠᠯᠠᠬᠤ ᠵᠠᠰᠠᠭ ᠤᠨ ᠭᠠᠵᠠᠷ ᠬᠣᠭᠣᠷᠣᠨᠳᠣ ᠶᠢᠨ ᠬᠣᠷᠢᠶᠠᠨ ᠤ 16 ᠳ᠋ᠤᠭᠠᠷ ᠴᠢᠭᠤᠯᠭᠠᠨ ᠹᠷᠠᠨᠼᠢ ᠤᠯᠤᠰ ᠤᠨ ᠫᠠᠷᠢᠰ ᠬᠤᠲᠠ ᠳᠤ ᠡᠨᠡ ᠰᠠᠷ᠎ᠠ ᠶᠢᠨ 13-18  ᠳᠤ ᠪᠣᠯᠵᠤ ᠪᠠᠶᠢᠨ᠎ᠠ᠃ ᠴᠢᠭᠤᠯᠭᠠᠨ ᠳᠤ ᠮᠣᠩᠭᠣᠯ ᠤᠯᠤᠰ ᠤᠨ ᠰᠤᠶᠤᠯ ᠤᠨ  ᠶᠠᠮᠤᠨ᠂ ᠮᠣᠩᠭᠣᠯ ᠤᠯᠤᠰ ᠠᠴᠠ  ᠶᠤᠨᠧᠰᠺᠤ ᠶᠢᠨ ᠳᠡᠷᠭᠡᠳᠡ ᠰᠠᠭᠤᠭ᠎ᠠ ᠪᠠᠶᠢᠩᠭᠤ ᠶᠢᠨ ᠲᠥᠯᠥᠭᠡᠯᠡᠭᠴᠢ ᠶᠢᠨ ᠭᠠᠵᠠᠷ᠂ ᠶᠤᠨᠧᠰᠺᠤ ᠶᠢᠨ ᠮᠣᠩᠭᠣᠯ ᠤᠨ ᠦᠨᠳᠦᠰᠦᠨ ᠦ ᠺᠣᠮᠢᠰ ᠤᠨ ᠲᠥᠯᠥᠭᠡᠯᠡᠭᠴᠢᠳ ᠴᠠᠬᠢᠮ ᠢᠶᠠᠷ ᠣᠷᠣᠯᠴᠠᠯ᠎ᠠ᠃
ᠥᠨᠥᠳᠥᠷ ᠦᠨ ᠴᠢᠭᠤᠯᠭᠠᠨ ᠢᠶᠠᠷ ᠶᠤᠨᠧᠰᠺᠤ ᠶᠢᠨ ᠶᠠᠭᠠᠷᠠᠯᠲᠠᠢ ᠬᠠᠮᠠᠭᠠᠯᠠᠬᠤ ᠱᠠᠭᠠᠷᠳᠠᠯᠭ᠎ᠠ ᠲᠠᠢ ᠰᠤᠶᠤᠯ ᠤᠨ ᠪᠡᠶᠡᠲᠦ ᠪᠤᠰᠤ ᠥᠪ ᠦᠨ ᠵᠢᠭᠰᠠᠭᠠᠯᠲᠠ ᠳᠤ 2009 ᠣᠨ ᠳᠤ ᠪᠦᠷᠢᠳᠬᠡᠭᠳᠡᠭᠰᠡᠨ《ᠮᠣᠩᠭᠣᠯ ᠪᠦᠵᠢᠭ ᠦᠨ ᠤᠯᠠᠮᠵᠢᠯᠠᠯᠲᠤ ᠤᠷᠠᠯᠢᠭ- ᠪᠡᠶ᠎ᠡ ᠪᠡᠶᠡᠯᠡᠭᠡ》ᠥᠪ ᠢ ᠬᠠᠮᠠᠭᠠᠯᠠᠬᠤ᠂ ᠣᠷᠣᠰᠢᠨ ᠲᠣᠭᠲᠠᠨᠢᠬᠤ ᠴᠢᠳᠠᠪᠤᠷᠢ ᠶᠢ ᠨᠢ ᠪᠡᠬᠢᠵᠢᠭᠦᠯᠬᠦ ᠵᠣᠷᠢᠯᠭ᠎ᠠ ᠪᠠᠷ ᠮᠣᠩᠭᠣᠯ ᠤᠯᠤᠰ ᠠᠴᠠ 2018 ᠣᠨ ᠳᠤ ᠡᠷᠭᠦᠨ ᠮᠡᠳᠡᠭᠦᠯᠦᠭᠰᠡᠨ《ᠮᠣᠩᠭᠣᠯ ᠪᠡᠶ᠎ᠡ ᠪᠡᠶᠡᠯᠡᠭᠡ ᠶᠢ ᠲᠣᠭᠲᠠᠪᠤᠷᠢᠵᠢᠭᠤᠯᠵᠤ᠂ ᠥᠪᠯᠡᠭᠦᠯᠦᠨ ᠤᠯᠠᠮᠵᠢᠯᠠᠭᠤᠯᠬᠤ ᠨᠢ》ᠲᠥᠰᠥᠯ ᠢ ᠵᠠᠰᠠᠭ ᠤᠨ ᠭᠠᠵᠠᠷ ᠬᠣᠭᠣᠷᠣᠨᠳᠣ ᠶᠢᠨ ᠬᠣᠷᠢᠶ᠎ᠠ ᠨᠡᠶᠢᠲᠡ 172.000 ᠳ᠋ᠣᠯᠯᠠᠷ ᠤᠨ ᠲᠦᠰᠦᠪᠲᠦ ᠥᠷᠲᠡᠭ ᠲᠡᠢ ᠪᠡᠷ ᠪᠠᠲᠤᠯᠠᠪᠠ᠃

ᠰᠡᠳᠬᠢᠭᠳᠡᠯ ᠦᠯᠡᠳᠡᠭᠡᠬᠦ