ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠣᠷᠣᠰ ᠲᠤ ᠬᠢᠵᠦ ᠪᠤᠢ ᠠᠶᠢᠯᠴᠢᠯᠠᠯ ᠤᠨ ᠡᠮᠦᠨᠡᠬᠡᠨ ᠣᠷᠣᠰ ᠤᠨ《ᠢᠽᠸᠸᠰᠲ᠋ᠢᠶᠠ》ᠰᠣᠨᠢᠨ ᠳᠤ ᠶᠠᠷᠢᠯᠴᠠᠯᠭ᠎ᠠ ᠥᠭᠴᠡᠢ᠃ ᠲᠡᠷᠡᠪᠡᠷ᠄ 2021 ᠣᠨ ᠤ ᠡᠬᠢᠨ ᠦ 9 ᠰᠠᠷ᠎ᠠ ᠶᠢᠨ ᠪᠠᠶᠢᠳᠠᠯ ᠢᠶᠠᠷ ᠮᠣᠩᠭᠣᠯ ᠤᠯᠤᠰ ᠤᠨ ᠨᠤᠲᠤᠭ ᠢᠶᠠᠷ ᠳᠠᠮᠵᠢᠭᠤᠯᠤᠨ ᠲᠡᠭᠡᠭᠡᠪᠦᠷᠢᠯᠡᠭᠰᠡᠨ ᠠᠴᠢᠶᠠᠨ ᠤ ᠬᠡᠮᠵᠢᠶ᠎ᠡ ᠡᠮᠦᠨᠡᠬᠢ ᠣᠨ ᠤ ᠮᠥᠨ ᠦᠶ᠎ᠡ ᠡᠴᠡ 210 ᠬᠤᠪᠢ ᠪᠠᠷ ᠨᠡᠮᠡᠭᠳᠡᠭᠰᠡᠨ ᠪᠥᠭᠡᠳ ᠴᠢᠨᠠᠭᠰᠢᠳᠠ ᠴᠤ ᠤᠯᠠᠮ ᠪᠦᠷ ᠥᠰᠦᠨ ᠨᠡᠮᠡᠭᠳᠡᠬᠦ ᠬᠠᠨᠳᠤᠯᠭ᠎ᠠ ᠲᠠᠢ ᠪᠠᠶᠢᠨ᠎ᠠ᠃
2019 ᠣᠨ ᠳᠤ ᠡᠬᠢᠯᠡᠭᠦᠯᠦᠭᠰᠡᠨ ᠲᠠᠪᠤᠨᠲᠣᠯᠣᠭᠠᠢ᠂ ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠯ 97.6 ᠬᠤᠪᠢ ᠲᠠᠢ ᠪᠠᠶᠢᠭ᠎ᠠ ᠪᠥᠭᠡᠳ 2022 ᠣᠨ ᠤ ᠳᠣᠯᠣᠳᠤᠭᠠᠷ ᠰᠠᠷ᠎ᠠ ᠳᠤ ᠠᠰᠢᠭᠯᠠᠯᠲᠠ ᠳᠤ ᠪᠦᠷᠢᠨ ᠣᠷᠣᠭᠤᠯᠤᠨ᠎ᠠ᠃ ᠵᠢᠯ ᠳᠦ 15 ᠰᠠᠶ᠎ᠠ ᠲᠣᠨ ᠠᠴᠢᠶ᠎ᠠ ᠲᠡᠭᠡᠭᠡᠪᠦᠷᠢᠯᠡᠬᠦ ᠬᠦᠴᠦᠨ ᠴᠢᠳᠠᠯ ᠪᠦᠬᠦᠢ ᠡᠨᠡ ᠬᠦ ᠲᠡᠮᠦᠷ ᠵᠠᠮ ᠤᠨ ᠲᠥᠰᠥᠯ ᠢ ᠦᠷᠭᠦᠯᠵᠢᠯᠡᠭᠦᠯᠦᠨ ᠵᠡᠭᠦᠨᠪᠠᠶᠠᠨ- ᠬᠦᠭᠡᠲᠦ-ᠡᠷᠢᠶᠡᠨᠴᠠᠪ᠂ ᠵᠡᠭᠦᠨᠪᠠᠶᠠᠨ-ᠬᠠᠩᠭᠢ ᠲᠡᠮᠦᠷ ᠵᠠᠮ ᠢ ᠪᠠᠷᠢᠪᠠᠯ ᠭᠤᠷᠪᠠᠨ ᠤᠯᠤᠰ ᠢ ᠬᠤᠯᠪᠤᠬᠤ ᠲᠡᠮᠦᠷ ᠵᠠᠮ ᠤᠨ ᠰᠢᠨ᠎ᠡ ᠭᠠᠷᠴᠠ ᠨᠤᠭᠤᠳ ᠪᠤᠢ ᠪᠣᠯᠬᠤ ᠪᠥᠭᠡᠳ ᠮᠠᠨ ᠤ ᠤᠯᠤᠰ ᠤᠨ ᠲᠡᠮᠦᠷ ᠵᠠᠮ ᠳᠠᠭᠠᠤ ᠪᠠᠶᠢᠷᠢᠯᠠᠬᠤ 30 ᠭᠠᠷᠤᠢ ᠲᠣᠮᠣᠬᠠᠨ ᠣᠷᠳᠣ ᠭᠠᠵᠠᠷ ᠤᠨ ᠪᠠᠶᠠᠯᠢᠭ ᠢ ᠡᠳ᠋ ᠦᠨ ᠵᠠᠰᠠᠭ ᠤᠨ ᠡᠷᠭᠢᠯᠲᠡ ᠳᠦ ᠣᠷᠣᠭᠤᠯᠬᠤ ᠳᠤ ᠲᠤᠰᠠᠲᠠᠢ ᠶᠤᠮ ᠭᠡᠯᠡ᠃