ᠬᠢᠯᠢ ᠶᠢᠨ ᠬᠢᠨᠠᠯᠲᠠ ᠪᠠᠨ ᠰᠠᠶᠢᠵᠢᠷᠠᠭᠤᠯᠬᠤ ᠶᠢ ᠵᠥᠪᠯᠡᠪᠡ | News.MN

ᠬᠢᠯᠢ ᠶᠢᠨ ᠬᠢᠨᠠᠯᠲᠠ ᠪᠠᠨ ᠰᠠᠶᠢᠵᠢᠷᠠᠭᠤᠯᠬᠤ ᠶᠢ ᠵᠥᠪᠯᠡᠪᠡ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ12.21 ᠳᠤ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠰᠧᠷᠠᠭᠢ ᠳ᠋ᠢᠶᠤᠷᠳᠢᠴᠠ ᠶᠢ ᠬᠦᠯᠢᠶᠡᠨ ᠠᠪᠴᠤ ᠠᠭᠤᠯᠵᠠᠵᠤ᠂ ᠴᠠᠷ᠎ᠠ ᠲᠠᠬᠤᠯ ᠤᠨ ᠨᠥᠬᠥᠴᠡᠯ ᠪᠠᠶᠢᠳᠠᠯ᠂ ᠪᠣᠯᠵᠣᠰᠢ ᠦᠭᠡᠢ ᠡᠷᠡᠰᠳᠡᠯ᠂ ᠴᠢᠨᠠᠭᠰᠢᠳᠠ ᠠᠩᠬᠠᠷᠬᠤ ᠠᠰᠠᠭᠤᠳᠠᠯ ᠤᠨ ᠲᠠᠯ᠎ᠠ ᠪᠠᠷ ᠰᠠᠨᠠᠯ ᠰᠣᠯᠢᠯᠴᠠᠯ᠎ᠠ᠃
ᠠᠭᠤᠯᠵᠠᠯᠲᠠ ᠶᠢᠨ ᠡᠬᠢᠨ ᠳᠦ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠴᠠᠷ᠎ᠠ ᠲᠠᠬᠤᠯ ᠤᠨ ᠦᠷ᠎ᠡ ᠨᠥᠯᠥᠭᠡ ᠶᠢ ᠪᠠᠭᠤᠷᠠᠭᠤᠯᠬᠤ᠂ ᠪᠡᠯᠡᠨ ᠪᠠᠶᠢᠳᠠᠯ ᠢ ᠪᠡᠬᠢᠵᠢᠭᠦᠯᠬᠦ ᠳᠦ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠮᠥᠩᠭᠥ ᠪᠣᠯᠤᠨ ᠮᠡᠷᠭᠡᠵᠢᠯ ᠠᠷᠭ᠎ᠠ ᠵᠦᠢ ᠶᠢᠨ ᠳᠡᠮᠵᠢᠯᠭᠡ᠂ ᠲᠤᠰᠠᠯᠠᠯᠴᠠᠭ᠎ᠠ ᠦᠵᠡᠭᠦᠯᠵᠦ ᠪᠠᠶᠢᠭ᠎ᠠ ᠳᠤ ᠲᠠᠯᠠᠷᠬᠠᠯ  ᠢᠯᠡᠷᠬᠡᠢᠯᠡᠪᠡ᠃
ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠰᠧᠷᠠᠭᠢ ᠳ᠋ᠢᠶᠤᠷᠳᠢᠴᠠ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠴᠠᠭ ᠵᠠᠪ ᠭᠠᠷᠭᠠᠨ ᠠᠭᠤᠯᠵᠠᠵᠤ ᠪᠠᠢᠭ᠎ᠠ ᠳᠤ ᠲᠠᠯᠠᠷᠬᠠᠯ ᠢᠯᠡᠷᠬᠡᠶᠢᠯᠡᠭᠡᠳ ᠣᠮᠢᠺᠷᠣᠨ ᠬᠤᠪᠢᠯᠪᠤᠷᠢ ᠶᠢᠨ ᠬᠦᠴᠦᠲᠡᠢ ᠳᠠᠪᠠᠯᠭᠠᠨ ᠳᠤ ᠥᠷᠲᠥᠬᠦ ᠦᠭᠡᠢ ᠪᠠᠶᠢᠬᠤ ᠶᠢᠨ ᠲᠤᠯᠠᠳᠠ ᠬᠢᠯᠢ ᠳᠡᠭᠡᠷᠡᠬᠢ ᠬᠢᠨᠠᠯᠲᠠ ᠶᠢ ᠰᠠᠶᠢᠵᠢᠷᠠᠭᠤᠯᠬᠤ᠂ ᠣᠮᠢᠺᠷᠣᠨ ᠤ ᠬᠠᠯᠳᠠᠪᠤᠷᠢ ᠲᠠᠢ ᠣᠷᠣᠨ ᠨᠤᠭᠤᠳ ᠠᠴᠠ ᠢᠷᠡᠵᠦ ᠪᠤᠢ ᠵᠣᠷᠴᠢᠭᠴᠢᠳ ᠲᠤ ᠳᠦᠷᠪᠡ ᠬᠣᠨᠣᠭ ᠤᠨ ᠳᠣᠲᠣᠷ᠎ᠠ 3-4 ᠤᠳᠠᠭ᠎ᠠ ᠰᠢᠨᠵᠢᠯᠡᠭᠡ ᠬᠢᠬᠦ ᠨᠢ ᠵᠦᠢᠲᠡᠢ ᠭᠡᠵᠦ ᠪᠣᠳᠣᠵᠤ ᠪᠠᠶᠢᠨ᠎ᠠ᠃ ᠮᠥᠨ ᠭᠤᠷᠪᠠᠳᠠᠬᠢ ᠲᠤᠩ ᠸᠠᠺᠼᠢᠨ ᠤ ᠠᠵᠢᠯ ᠢ ᠦᠷᠭᠦᠯᠵᠢᠯᠡᠭᠦᠯᠦᠨ ᠬᠢᠬᠦ ᠨᠢ ᠡᠨᠡ ᠬᠠᠯᠳᠠᠪᠤᠷᠢ ᠠᠴᠠ ᠰᠡᠷᠭᠡᠶᠢᠯᠡᠬᠦ ᠳᠦ ᠢᠯᠡᠭᠦᠦ ᠦᠷ᠎ᠡ ᠳ᠋ᠦᠩ ᠲᠡᠢ ᠪᠠᠶᠢᠨ᠎ᠠ ᠭᠡᠪᠡ᠃
c

ᠰᠡᠳᠬᠢᠭᠳᠡᠯ ᠦᠯᠡᠳᠡᠭᠡᠬᠦ